ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ ᠪᠠᠭ᠎ᠠ ᠵᠠᠰᠠᠵᠤ ᠪᠠᠭ᠎ᠠ ᠨᠦᠬᠦᠨ᠂ ᠰᠢᠭᠤᠶᠢᠲᠤ ᠲᠣᠭᠤᠷᠢᠭ ᠤᠨ ᠬᠠᠭᠤᠴᠢᠨ ᠲᠣᠭᠤᠷᠢᠭ ᠤᠨ ᠠᠮᠢᠵᠢᠷᠠᠯ ᠤᠨ ᠬᠦᠴᠦᠨ ᠢ ᠬᠦᠭᠵᠢᠭᠡᠪᠡ
ᠨᠡᠶᠢᠲᠡᠯᠡᠭᠰᠡᠨ ᠴᠠᠭ᠄
2025/5/7
        ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠲᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠠᠭ ᠰᠠᠭᠤᠭᠠᠯᠢ ᠠᠷᠠᠳ ᠤᠨ ᠠᠮᠢᠳᠤᠷᠠᠯ ᠢ ᠠᠭᠠᠵᠢᠮ ᠢᠶᠠᠷ ᠬᠤᠪᠢᠷᠠᠭᠤᠯᠵᠤ ᠪᠠᠶᠢᠨ᠎ᠠ᠃ ︽ᠪᠠᠭ᠎ᠠ ᠵᠠᠰᠠᠨ ᠪᠠᠭ᠎ᠠ ᠨᠦᠬᠦᠬᠦ ︾ ᠦᠢᠯᠡᠴᠢᠯᠡᠭᠡᠨ ᠤ ᠪᠤᠴᠠᠵᠤ ᠢᠷᠡᠭᠰᠡᠨ ᠨᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠤᠨ ᠰᠡᠳᠬᠢᠯ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠠᠮᠢᠳᠤᠯᠢᠭ ᠲᠠᠶᠢᠯᠪᠤᠷᠢ ᠪᠣᠯᠵᠤ᠂ ᠬᠠᠭᠤᠴᠢᠨ ᠲᠣᠭᠤᠷᠢᠭ ᠤᠨ ᠠᠮᠢᠵᠢᠷᠠᠯ ᠤᠨ ᠬᠦᠴᠦᠨ ᠢ  ᠳᠠᠬᠢᠨ ᠬᠦᠭᠵᠢᠭᠡᠪᠡ ᠃        ᠬᠤᠲᠠᠴᠢᠯᠠᠯᠲᠠ ᠶᠢᠨ ᠠᠬᠢᠴᠠ ᠶᠢᠨ ᠲᠦᠷᠭᠡᠨ ᠠᠬᠢᠬᠤ ᠶᠢ ᠳᠠᠭᠠᠯᠳᠤᠨ᠂ ᠥᠩᠭᠡᠷᠡᠭᠰᠡᠨ ᠳᠤ ᠵᠡᠭᠡᠯᠢ ᠶᠢᠨ ᠬᠠᠵᠠᠭᠤ ᠪᠠᠷ ᠦᠷᠭᠦᠯᠵᠢ ᠬᠠᠷᠠᠭᠳᠠᠳᠠᠭ ︽ᠪᠠᠭ᠎ᠠ ᠵᠠᠰᠠᠨ ᠪᠠᠭ᠎ᠠ  ᠨᠦᠬᠦᠬᠦ ︾ ᠵᠡᠷᠭᠡ ᠤᠯᠠᠮᠵᠢᠯᠠᠯᠲᠤ ᠭᠠᠷ ᠤᠷᠠᠯᠠᠯ ᠤᠨ ᠳᠡᠯᠭᠡᠭᠦᠷ ᠠᠭᠠᠵᠢᠮ ᠢᠶᠠᠷ ᠠᠷᠢᠯᠪᠠ ᠂ ᠭᠡᠪᠡᠴᠦ ᠰᠠᠭᠤᠭᠠᠯᠢ ᠠᠷᠠᠳ ᠤᠨ ᠬᠡᠷᠡᠭᠴᠡᠭᠡ ᠮᠥᠨ ᠬᠦ ᠣᠷᠣᠰᠢᠭᠰᠠᠭᠠᠷ ᠪᠠᠶᠢᠨ᠎ᠠ᠃ ︽ᠪᠠᠭ᠎ᠠ  ᠵᠠᠰᠠᠨ ᠪᠠᠭ᠎ᠠ  ᠨᠦᠬᠦᠬᠦ ︾  ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠬᠠᠲᠠᠭᠤ ᠱᠠᠭᠠᠷᠳᠠᠯᠭ᠎ᠠ ᠮᠥᠨ᠂ ᠡᠨᠡ ᠨᠢ ᠦᠵᠡᠬᠦ ᠳᠤ ᠶᠠᠯᠢᠮ ᠦᠭᠡᠢ ᠵᠦᠢᠯ ᠰᠢᠭ᠋ ᠪᠣᠯᠪᠠᠴᠤ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠡᠨᠡ ᠬᠦ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠪᠠ ᠨᠡᠶᠢᠯᠡᠭᠦᠯᠬᠦ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠬᠠᠷᠢᠶ᠎ᠠ ᠲᠣᠭᠤᠷᠢᠭ ᠤᠨ ᠢᠶᠠᠨ ᠳᠣᠲᠣᠷᠠᠬᠢ ᠬᠤᠳᠠᠯᠳᠤᠭᠠᠴᠢᠨ ᠡᠷᠦᠬᠡ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠲᠣᠭᠤᠷᠢᠭ ᠤᠨ ︽ᠴᠢᠳᠠᠪᠤᠷᠢᠲᠠᠨ︾ ᠵᠢᠴᠢ ᠨᠢᠭᠡᠴᠢ ᠶᠢᠨ ᠳᠠᠷᠤᠭ᠎ᠠ᠂ ᠬᠡᠰᠡᠭ ᠤᠨ ᠳᠠᠷᠤᠭ᠎ᠠ ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠰᠠᠭᠤᠭᠠᠯᠢ ᠠᠷᠠᠳ ᠲᠤ ᠳᠣᠲᠣᠨᠣ ᠦᠢᠯᠡᠴᠢᠯᠡᠭᠡ ᠬᠠᠩᠭᠠᠪᠠ ᠃        ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠹᠦ᠋ ᠼᠠᠢ ᠪᠣᠯ ᠳᠠᠷᠤᠢ ᠰᠠᠶᠢᠨ ᠳᠤᠷ᠎ᠠ ᠶᠢᠨ ᠠᠵᠢᠯᠯᠠᠭᠴᠢ ᠶᠢᠨ ᠳᠣᠲᠣᠷᠠᠬᠢ ᠰᠢᠯᠢᠳᠡᠭ ᠲᠥᠯᠥᠭᠡᠯᠡᠭᠴᠢ ᠪᠣᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ ᠲᠠᠶᠢᠴᠢᠯᠠᠯᠳᠠ ᠳᠣᠣᠷ᠎ᠠ᠂ ᠸᠠᠩ ᠹᠦ᠋ ᠼᠠᠢ ᠬᠠᠯᠠᠭᠤᠨ ᠰᠡᠳᠬᠢᠯᠭᠡ ᠪᠠᠷ ᠨᠡᠶᠢᠭᠡᠮ ᠲᠣᠭᠤᠷᠢᠭ ᠤᠨ ᠦᠢᠯᠡᠴᠢᠯᠡᠭᠡ ᠳᠤ ᠢᠳᠡᠪᠬᠢᠲᠡᠢ ᠣᠷᠣᠯᠴᠠᠪᠠ᠃ ᠲᠡᠷᠡ ᠥᠪᠡᠷ ᠤᠨ ᠤᠷ᠎ᠠ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠲᠣᠭᠤᠷᠢᠭ ᠤᠨ ᠢᠶᠠᠨ ᠲᠡᠳᠡᠭᠡᠷ ᠬᠡᠷᠡᠭᠴᠡᠭᠡ ᠱᠠᠭᠠᠷᠳᠠᠯᠭ᠎ᠠ ᠲᠠᠢ ᠥᠨᠥᠴᠢᠨ ᠪᠡᠯᠪᠡᠰᠦᠨ  ᠨᠠᠰᠤᠲᠠᠳ ᠲᠤ ᠬᠠᠯᠠᠮᠵᠢᠯᠠᠯ ᠬᠦᠷᠲᠡᠭᠡᠪᠡ ᠃ ᠨᠢᠭᠡ ᠤᠳᠠᠭ᠎ᠠ᠂ ᠯᠢ ᠡᠮᠡᠭᠡ ᠶᠢᠨ ᠭᠡᠷ ᠲᠠᠬᠢ ᠳ᠋ᠧᠩ ᠤᠨ ᠫᠣᠣᠽᠢ ᠭᠡᠨᠡᠳᠲᠡ ᠡᠪᠳᠡᠷᠡᠵᠡᠢ᠃ ᠸᠠᠩ ᠹᠦ᠋ ᠼᠠᠢ ᠡᠭᠦᠨ ᠢ ᠮᠡᠳᠡᠭᠡᠳ ᠳᠣᠣᠷ᠎ᠠ ᠪᠠᠨ ᠯᠢ ᠡᠮᠡᠭᠡ ᠶᠢᠨ ᠭᠡᠷ ᠲᠤ ᠬᠦᠷᠴᠦ ᠢᠷᠡᠪᠡ᠃ ᠲᠡᠷᠡ ᠱᠠᠳᠤ  ᠠᠪᠴᠢᠷᠠᠵᠤ ᠂ ᠬᠢᠴᠢᠶᠡᠮᠵᠢᠲᠡᠢ ᠳᠡᠭᠡᠭᠰᠢ ᠭᠠᠷᠤᠨ ᠳ᠋ᠧᠩ ᠤᠨ ᠫᠣᠣᠽᠢ ᠶᠢ ᠪᠠᠶᠢᠴᠠᠭᠠᠨ  ᠦᠵᠡᠵᠦ᠂ ᠤᠳᠠᠭᠠᠨ ᠬᠡᠷᠡᠭᠯᠡᠭᠰᠡᠨ ᠠᠴᠠ ᠳ᠋ᠧᠩ ᠤᠨ ᠫᠣᠣᠽᠢ ᠶᠢᠨ ᠵᠠᠯᠭᠠᠭᠠᠰᠤ ᠨᠢ ᠲᠠᠰᠤᠷᠠᠭᠰᠠᠨ ᠢ  ᠮᠡᠳᠡᠵᠦ᠂ ᠰᠡᠩᠳᠡ ᠮᠡᠩᠳᠡ ᠭᠡᠷ ᠲᠡᠭᠡᠨ ᠬᠠᠷᠢᠵᠤ ᠰᠢᠨ᠎ᠡ ᠳ᠋ᠧᠩ ᠤᠨ ᠫᠣᠣᠽᠢ ᠠᠪᠴᠢᠷᠠᠨ ᠂  ᠬᠠᠭᠤᠴᠢᠨ ᠳ᠋ᠧᠩ ᠤᠨ ᠫᠣᠣᠰᠠ ᠶᠢ ᠪᠣᠯᠪᠠᠰᠤᠷᠠᠩᠭᠤᠶ ᠰᠣᠯᠢᠪᠠ᠂ ᠳ᠋ᠧᠩ ᠤᠨ ᠨᠡᠬᠡᠭᠡᠯᠭᠡ ᠶᠢ  ᠨᠡᠬᠡᠭᠡᠭᠰᠡᠨ ᠲᠡᠷᠡ ᠭᠱᠡᠨ ᠭᠡᠷ ᠳᠣᠲᠤᠷ᠎ᠠ ᠳᠤᠯᠠᠭᠠᠨ ᠥᠩᠭᠡᠲᠦ ᠰᠢᠷ᠎ᠠ ᠳ᠋ᠧᠩ ᠤᠨ ᠭᠡᠷᠡᠯ ᠢᠶᠠᠷ ᠳᠦᠭᠦᠷᠴᠦ᠂ ᠯᠢ ᠡᠮᠡᠭᠡ ᠶᠢᠨ ᠴᠢᠷᠠᠢ ᠳᠤ ᠪᠠᠰᠠ ᠪᠠᠶᠠᠷ ᠤᠨ ᠢᠨᠢᠶᠡᠮᠰᠦᠭᠯᠡᠯ ᠲᠣᠳᠣᠷᠠᠪᠠ᠃ ᠪᠠᠰᠠ ᠵᠠᠩ ᠡᠪᠦᠭᠡ ᠶᠢᠨ ᠷᠠᠳᠢᠤ᠋ ᠨᠢ ᠭᠡᠮᠲᠦᠯ ᠭᠠᠷᠤᠭᠰᠠᠨ ᠳᠤ ᠂ ᠸᠠᠩ ᠹᠦ᠋ ᠼᠠᠢ ᠰᠦᠯᠵᠢᠶᠡᠨ ᠳᠡᠭᠡᠷ᠎ᠡ ᠠᠴᠠ ᠮᠠᠲ᠋ᠧᠷᠢᠶᠠᠯ ᠡᠷᠢᠬᠦ ᠪᠣᠶᠤ ᠪᠠᠰᠠ ᠲᠤᠰᠬᠠᠢ ᠰᠡᠯᠪᠢᠨ ᠵᠠᠰᠠᠬᠤ ᠪᠠᠭᠰᠢ ᠠᠴᠠ ᠠᠰᠠᠭᠤᠨ  ᠯᠠᠪᠯᠠᠵᠤ ᠂ ᠣᠯᠠᠨ ᠤᠳᠠᠭ᠎ᠠ ᠲᠤᠷᠰᠢᠵᠤ ᠂ ᠡᠴᠦᠰ ᠲᠡᠭᠡᠨ ᠷᠠᠳᠢᠤ᠋ ᠶᠢ  ᠰᠡᠯᠪᠢᠨ ᠵᠠᠰᠠᠵᠠᠢ ᠃ ᠲᠡᠷᠡ ᠨᠠᠰᠤᠲᠠᠳ ᠲᠤ ᠳᠥᠭᠦᠮ ᠴᠠᠬᠢᠯᠭᠠᠨ ᠬᠡᠷᠡᠭᠰᠡᠯ ᠵᠠᠰᠠᠵᠤ ᠥᠭᠬᠦ ᠪᠠᠷ ᠪᠠᠷᠠᠬᠤ ᠦᠭᠡᠢ᠂ ᠪᠠᠰᠠ  ᠰᠢᠷᠡᠭᠡ ᠰᠠᠨᠳᠠᠯᠢ ᠰᠤᠯᠠᠷᠠᠬᠤ᠂ ᠡᠭᠦᠳᠡᠨ ᠣᠨᠢᠰᠤ ᠵᠡᠷᠭᠡ ᠡᠪᠳᠡᠷᠡᠬᠦ ᠪᠠᠭ᠎ᠠ ᠰᠠᠭ᠎ᠠ ᠠᠰᠠᠭᠤᠳᠠᠯ  ᠴᠤ ᠪᠦᠷ ᠲᠡᠭᠦᠨ ᠤ ᠰᠡᠯᠪᠢᠨ ᠵᠠᠰᠠᠬᠤ ︽ᠦᠢᠯᠡᠴᠢᠯᠡᠭᠡᠨ ᠤ ᠳᠠᠩᠰᠠᠨ︾ ᠳᠤ ᠪᠠᠶᠢᠨ᠎ᠠ᠃ ᠲᠡᠷᠡ ᠪᠣᠳᠠᠲᠤ ᠠᠵᠢᠯᠯᠠᠭ᠎ᠠ ᠪᠠᠷ ᠢᠶᠠᠨ ︽ᠪᠠᠭ᠎ᠠ ᠵᠠᠰᠠᠨ ᠪᠠᠭ᠎ᠠ ᠨᠦᠬᠦᠬᠦ ︾ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠢ ᠦᠢᠯᠡᠳᠦᠯᠭᠡᠵᠢᠭᠦᠯᠵᠦ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠡᠳᠬᠢᠯ ᠳᠠᠬᠢ ᠬᠠᠶᠢᠷ᠎ᠠ ᠬᠠᠯᠠᠮᠵᠢ ᠶᠢᠨ ᠲᠦᠰᠢᠭ ᠪᠣᠯᠤᠭᠰᠠᠨ ᠪᠠᠶᠢᠨ᠎ᠠ᠃
图片2.png
        ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ︽ᠪᠠᠭ᠎ᠠ ᠵᠠᠰᠠᠨ ᠪᠠᠭ᠎ᠠ ᠨᠦᠬᠦᠬᠦ ︾ ᠦᠢᠯᠡᠴᠢᠯᠡᠭᠡᠨ ᠤ ᠦᠢᠯᠡᠳᠦᠯᠭᠡ ᠨᠢ ᠲᠣᠪᠤᠶᠢᠮ᠎ᠠ ᠦᠷ᠎ᠡ ᠪᠦᠲᠦᠮᠵᠢ ᠣᠯᠵᠠᠶ᠃ ᠲᠡᠷᠡ ᠨᠢ ᠰᠠᠭᠤᠭᠠᠯᠢ ᠠᠷᠠᠳ ᠤᠨ ᠠᠮᠢᠳᠤᠷᠠᠯ ᠳᠤᠮᠳᠠᠬᠢ ᠠᠯᠢ ᠣᠯᠠᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠲᠠᠭᠠᠯᠠᠮᠵᠢᠲᠠᠶ ᠠᠮᠢᠳᠤᠷᠠᠯ ᠢ ᠡᠳ᠋ᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠦᠢᠯ ᠤᠨ ᠶᠡᠭᠡ ᠪᠠᠷ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠥᠨᠥᠳᠦᠷ ᠤᠨ ᠰᠢᠨ ᠸᠠᠩ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠨᠠᠩ ᠡᠶ᠎ᠡ ᠨᠠᠶᠢᠷᠲᠠᠶ᠂ ᠨᠡᠶᠢᠭᠡᠮ ᠲᠣᠭᠤᠷᠢᠭ ᠤᠨ ᠠᠭᠤᠷ ᠠᠮᠢᠰᠬᠤᠯ ᠨᠠᠩ ᠬᠠᠯᠠᠭᠤᠨ ᠳᠤᠯᠠᠭᠠᠨ ᠪᠣᠯᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠬᠤᠶᠢᠰᠢᠳᠠ ᠰᠢᠨ ᠸᠠᠩ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ︽ᠪᠠᠭ᠎ᠠ ᠵᠠᠰᠠᠨ ᠪᠠᠭ᠎ᠠ ᠨᠦᠬᠦᠬᠦ ︾ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠨ᠎ᠠ᠃
图片3.png
 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号