ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠲᠦᠢᠯ ᠤᠨ ᠶᠡᠭᠡ ᠰᠠᠯᠬᠢ ᠲᠠᠢ ᠴᠠᠭ ᠠᠭᠤᠷ ᠢ | ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠦᠳᠲᠡᠷ ᠲᠦᠷᠭᠡᠨ ᠬᠥᠳᠡᠯᠦᠯᠴᠡᠵᠦ᠂ | ᠪᠥᠬᠦ ᠲᠠᠯ᠎ᠠ ᠪᠠᠷ ᠪᠠᠶᠢᠷᠢᠯᠠᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠬᠠᠭᠤᠯᠤᠨ ᠬᠥᠲᠥᠯᠦᠨ | ᠵᠢᠯᠣᠭᠤᠳᠬᠤ ᠵᠡᠷᠭᠡ ᠣᠯᠠᠨ ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠷᠢᠶᠠᠲᠤ ᠲᠣᠭᠤᠷᠢᠭ ᠤᠨ | ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | ᠰᠢᠭᠤᠶᠢᠲᠤ ᠵᠡᠭᠡᠯᠢ ᠭᠤᠳᠤᠮᠵᠢ ᠰᠠᠭᠤᠭᠠᠯᠢ ᠠᠷᠠᠳ ᠤᠨ ᠲᠣᠣᠷᠵᠢᠯ ᠤᠨ ᠸᠢᠴᠠᠲ ᠤᠨ ᠬᠤᠯᠪᠤᠭ᠎ᠠ ᠪᠠᠷ | ᠳᠠᠮᠵᠢᠭᠤᠯᠤᠨ᠂ ᠬᠠᠮᠤᠭ ᠤᠨ ᠰᠢᠨ᠎ᠡ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ᠂ ᠣᠨᠴᠠᠭᠠᠶ ᠴᠠᠭ | ᠠᠭᠤᠷ ᠤᠨ ᠠᠮᠤᠷ ᠲᠦᠪᠰᠢᠨ ᠤ ᠰᠠᠨᠠᠭᠤᠯᠤᠮᠵᠢ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠵᠦᠭᠯᠡᠭᠦᠷ ᠵᠡᠷᠭᠡ | ᠬᠠᠮᠢᠶ᠎ᠠ ᠪᠥᠬᠦᠶ ᠮᠡᠳᠡᠯᠭᠡ ᠶᠢ ᠲᠡᠷᠡ ᠳᠠᠷᠤᠶ ᠳᠤᠨᠢ ᠬᠦᠷᠭᠡᠵᠦ᠂ ᠰᠠᠭᠤᠭᠠᠯᠢ ᠠᠷᠠᠳ ᠢ ᠰᠡᠳᠬᠢᠴᠡ ᠶᠢᠨ ᠪᠡᠯᠡᠳᠬᠡᠯ ᠪᠠ | ᠠᠷᠭᠠᠴᠠᠭᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠬᠢᠯᠭᠡᠪᠡ᠃ | | | ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠬᠢᠨ ᠤᠯᠠᠨ ᠲᠠᠯ᠎ᠠ ᠶᠢᠨ ᠬᠦᠴᠦᠨ ᠢ ᠬᠠᠮᠲᠤᠷᠠᠭᠤᠯᠵᠤ᠂ | ᠲᠣᠣᠷ ᠲᠠᠲᠠᠬᠤ ᠬᠡᠯᠪᠡᠷᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠥᠷᠨᠢᠭᠦᠯᠪᠡ᠃ ᠥᠨᠳᠥᠷ ᠣᠭᠲᠠᠷᠭᠤᠶ ᠠᠴᠠ ᠤᠨᠠᠵᠤ ᠢᠷᠡᠬᠦ ᠠᠶᠤᠯ ᠲᠦᠭᠰᠢᠭᠦᠷᠢ ᠳᠤ ᠴᠢᠭᠯᠡᠭᠦᠯᠦᠨ᠂ | ᠠᠰᠠᠷ ᠤᠨ ᠣᠷᠣᠢ ᠳᠤ ᠡᠯᠭᠦᠭᠡ ᠪᠣᠳᠠᠰ᠂ ᠭᠠᠳᠠᠷ ᠪᠣᠰᠤᠭ᠎ᠠ ᠲᠠᠯ᠎ᠠ᠂ ᠨᠠᠷᠠᠪᠴᠢ ᠳᠤ ᠶᠠᠭᠤᠮ᠎ᠠ ᠣᠪᠤᠭᠠᠯᠠᠭᠰᠠᠨ | ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠰᠤᠯᠠᠷᠠᠭᠰᠠᠨ ᠴᠡᠭ ᠢ ᠪᠠᠬᠢᠵᠢᠭᠦᠯᠬᠦ ᠶᠢᠨ ᠬᠠᠮᠲᠤ ᠡᠷᠦᠬᠡ ᠳᠤ ᠣᠷᠣᠵᠤ | ᠰᠠᠭᠤᠭᠠᠯᠢ ᠠᠷᠠᠳ ᠲᠤ ᠨᠠᠷᠠᠪᠴᠢ ᠳᠠᠬᠢ ᠡᠯᠳᠡᠪ ᠪᠣᠳᠠᠰ ᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠳᠣᠷᠤᠭᠰᠢ | ᠣᠨᠠᠵᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠰᠠᠨᠠᠭᠤᠯᠪᠠ᠃ ᠡᠭᠦᠨ ᠤ ᠬᠠᠮᠲᠤ᠂ ᠬᠠᠷᠢᠶ᠎ᠠ | ᠲᠣᠭᠤᠷᠢᠭ ᠤᠨ ᠤᠬᠠᠭᠤᠯᠭ᠎ᠠ ᠶᠢᠨ ᠲᠥᠬᠦᠭᠡᠷᠦᠮᠵᠢ ᠶᠢ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠵᠥᠭᠡᠯᠡᠨ | ᠴᠢᠨᠠᠷ ᠤᠨ ᠬᠥᠨᠳᠡᠯᠡᠨ ᠪᠢᠴᠢᠭᠡᠰᠦ ᠶᠢ ᠳᠣᠷᠣᠭᠰᠢ ᠪᠠᠭᠤᠯᠭᠠᠨ ᠰᠢᠢᠳᠪᠦᠷᠢᠯᠡᠵᠦ᠂ ᠬᠠᠲᠠᠭᠤ ᠤᠬᠠᠭᠤᠯᠭ᠎ᠠ ᠶᠢᠨ | ᠤᠷᠢᠶ᠎ᠠ ᠯᠣᠽᠦ᠋ᠩ᠂ ᠬᠤᠳᠠ ᠶᠢ ᠴᠣᠭᠴᠠᠯᠠᠬᠤ ᠦᠵᠡᠮᠵᠢ ᠶᠢᠨ ᠵᠢᠵᠢᠭ ᠵᠦᠢᠯᠡᠰ ᠵᠢᠴᠢ ᠨᠡᠶᠢᠲᠡ ᠶᠢᠨ ᠠᠰᠠᠷᠠᠮᠵᠢ ᠶᠢᠨ | ᠵᠠᠷ ᠮᠡᠳᠡᠭᠡ ᠶᠢᠨ ᠫᠠᠶᠢᠰᠠ ᠶᠢ ᠪᠠᠬᠢᠵᠢᠭᠦᠯᠵᠦ᠂ ᠶᠡᠭᠡ ᠰᠠᠯᠬᠢᠨ ᠤ ᠴᠠᠭ ᠠᠭᠤᠷ ᠤᠨ ᠳᠤᠮᠳᠠ ᠠᠮᠤᠷ ᠲᠦᠪᠰᠢᠨ | ᠪᠠᠶᠢᠬᠤ ᠶᠢ ᠪᠠᠲᠤᠯᠠᠪᠠ ᠃ | | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠴᠠᠭ ᠠᠭᠤᠷ ᠤᠨ ᠬᠤᠪᠢᠷᠠᠯᠲᠠ ᠶᠢ | ᠦᠷᠭᠦᠯᠵᠢᠯᠡᠨ ᠠᠩᠬᠠᠷᠴᠤ᠂ ᠠᠷᠭᠠᠴᠠᠭᠠᠬᠤ ᠠᠷᠭ᠎ᠠ ᠬᠡᠮᠵᠢᠶ᠎ᠡ ᠪᠠᠨ ᠬᠥᠳᠡᠯᠦᠩᠭᠦᠶ ᠪᠠᠷ ᠳᠣᠭᠢᠷᠠᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠣᠨᠴᠠᠭᠠᠶ ᠴᠠᠭ | ᠠᠭᠤᠷ ᠤᠨ ᠬᠤᠭᠤᠴᠠᠭᠠᠨ ᠳᠠᠬᠢ ᠬᠠᠷᠢᠶ᠎ᠠ ᠲᠣᠭᠤᠷᠢᠭ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠨ᠎ᠠ᠃ | | |