ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠢᠷᠢ ᠲᠦᠪᠰᠢᠨ ᠪᠠ | ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ 30 ᠠᠵᠤ | ᠠᠬᠤᠶᠢᠯᠠᠯ ᠤᠨ ᠴᠠᠯᠢᠩ ᠬᠥᠯᠥᠰᠥ ᠶᠢ ᠲᠠᠭᠯᠠᠨ ᠮᠡᠳᠡᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ᠃ | ᠴᠠᠯᠢᠩ ᠬᠥᠯᠥᠰᠥ ᠶᠢ ᠪᠠᠶᠢᠴᠠᠭᠠᠨ ᠮᠡᠳᠡᠭᠦᠯᠬᠦ ᠠᠵᠢᠯ ᠨᠢ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠬ᠎ᠠ ᠳᠡᠯᠭᠡᠭᠦᠷ ᠤᠨ ᠬᠥᠳᠡᠯᠮᠦᠷᠢ ᠬᠦᠴᠦᠨ ᠤ | ᠰᠢᠯᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠳᠤ ᠴᠢᠬᠤᠯᠠ ᠠᠴᠢ | ᠬᠤᠯᠪᠣᠭᠳᠠᠯ ᠲᠠᠢ ᠪᠠᠶᠢᠵᠤ᠂ ᠬᠥᠳᠡᠯᠮᠦᠷᠢ ᠪᠠ ᠬᠥᠷᠥᠩᠭᠡᠲᠡᠨ ᠤ ᠵᠢᠭᠤᠷᠠᠯᠳᠤᠭᠠᠨ ᠢ ᠰᠡᠷᠭᠡᠶᠢᠯᠡᠬᠦ ᠪᠠ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠠᠰᠢᠭᠲᠠᠢ ᠂ ᠮᠠᠨ ᠤ ᠲᠣᠭᠤᠷᠢᠭ ᠤᠨ ᠠᠵᠤ ᠠᠬᠤᠶ | ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠦᠲᠦᠮᠵᠢᠲᠡᠶ ᠠᠬᠢᠭᠤᠯᠤᠨ᠎ᠠ᠃ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠡᠷᠡ ᠳᠠᠷᠤᠶ ᠳᠤᠨᠢ ᠠᠵᠢᠯ ᠤᠨ ᠲᠤᠰᠬᠠᠶ ᠠᠩᠭᠢ ᠶᠢ ᠵᠣᠬᠢᠶᠠᠨ | ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠪᠡᠯᠡᠳᠬᠡᠵᠦ᠂ | ᠨᠠᠷᠢᠨ ᠨᠢᠮᠪᠠᠶ ᠪᠠᠶᠢᠷᠢᠯᠠᠭᠤᠯᠪᠠ ᠃ | ᠲᠠᠭᠯᠠᠨ ᠮᠡᠳᠡᠭᠦᠯᠬᠦ ᠠᠴᠠ ᠡᠮᠦᠨ᠎ᠡ᠂ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠶᠢᠨ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠠᠵᠢᠯᠲᠠᠳ ᠸᠢᠴᠠᠲ ᠤᠨ ᠠᠵᠢᠯ ᠤᠨ ᠴᠤᠭᠯᠠᠷᠠᠯ ᠪᠠᠶᠢᠭᠤᠯᠵᠤ᠂ ᠠᠵᠤ ᠠᠬᠤᠶᠢᠯᠠᠯ ᠤᠨ ᠴᠠᠯᠢᠩ | ᠬᠥᠯᠥᠰᠥ ᠶᠢ ᠪᠠᠶᠢᠴᠠᠭᠠᠵᠤ ᠲᠠᠭᠯᠠᠨ ᠮᠡᠳᠡᠭᠦᠯᠬᠦ ᠰᠢᠰᠲ᠋ᠧᠮ ᠤᠨ ᠬᠡᠷᠡᠭᠯᠡᠬᠦ ᠠᠵᠢᠯᠯᠠᠭᠠᠨ ᠤ ᠶᠠᠪᠤᠴᠠ ᠵᠢᠴᠢ ᠲᠤᠭ᠎ᠠ | ᠪᠠᠷᠢᠮᠲᠠ ᠶᠢ ᠣᠷᠣᠭᠤᠯᠬᠤ᠂ ᠪᠠᠶᠢᠴᠠᠭᠠᠬᠤ᠂ ᠲᠤᠰᠢᠶᠠᠬᠤ ᠵᠡᠷᠭᠡ ᠠᠯᠬᠤᠮ ᠳᠠᠷᠠᠭ᠎ᠠ ᠶᠢ ᠨᠠᠷᠢᠨ ᠨᠢᠮᠪᠠᠶ ᠵᠢᠯᠤᠭᠤᠳᠪᠠ ᠃ | | ᠲᠠᠭᠯᠠᠨ ᠮᠡᠳᠡᠭᠦᠯᠬᠦ ᠳᠤᠮᠳᠠ᠂ ᠳ᠋ᠢᠶᠠᠩᠬᠤᠸᠠ᠂ ᠸᠢᠴᠠᠲ᠂ ᠠᠯᠤᠰ ᠠᠴᠠ ᠠᠵᠢᠯᠯᠠᠬᠤ ᠰᠣᠷᠢᠯᠲᠠ ᠬᠢᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠲᠠᠭᠯᠠᠬᠤ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠺᠣᠮᠫᠢᠦ᠋ᠲ᠋ᠧᠷ ᠢᠶᠠᠷ ᠲᠠᠭᠯᠠᠨ ᠪᠢᠴᠢᠬᠦ ᠳᠤ ᠬᠦᠴᠢᠷᠲᠡᠢ ᠠᠵᠤ | ᠠᠬᠤᠶᠢᠯᠠᠯ ᠳᠤ ᠲᠤᠬᠠᠢ ᠶᠢᠨ ᠲᠠᠯᠠᠪᠤᠷ ᠤᠨ ᠬᠠᠪᠰᠤᠷᠤᠯᠭ᠎ᠠ ᠬᠠᠩᠭᠠᠵᠤ᠂ ᠭᠠᠷ ᠲᠠᠭᠠᠨ ᠵᠢᠭᠠᠨ ᠰᠤᠷᠭᠠᠵᠤ᠂ ᠨᠢᠭᠡᠳ | ᠨᠢᠭᠡ ᠪᠠᠷ ᠰᠢᠩᠭᠡᠭᠡᠨ ᠣᠷᠣᠭᠤᠯᠪᠠ ᠃ | ᠲᠠᠭᠯᠠᠨ ᠮᠡᠳᠡᠭᠦᠯᠦᠭᠰᠡᠨ ᠤ ᠳᠠᠷᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ | ᠬᠠᠷᠭᠤᠭᠤᠯᠵᠤ᠂ ︽ᠬᠢᠷᠢ ᠲᠡᠩᠴᠡᠭᠰᠡᠨ ᠥᠬᠡᠶ ᠵᠦᠶ ᠵᠣᠬᠢᠰᠲᠠᠶ ᠬᠢᠨᠠᠨ ᠬᠠᠷᠭᠤᠭᠤᠯᠬᠤ ᠨᠥᠬᠦᠴᠡᠯ︾ ᠢ ᠴᠠᠭ | ᠲᠤᠬᠠᠶ ᠳᠤᠨᠢ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠠᠵᠤ ᠠᠬᠤᠶᠢᠯᠠᠯ ᠳᠤ ᠬᠢᠨᠠᠨ ᠬᠠᠷᠭᠤᠭᠤᠯᠬᠤ ᠶᠢᠨ | ᠬᠠᠮᠲᠤ ᠳᠡᠭᠡᠳᠦ ᠱᠠᠲᠤᠨ ᠤ ᠬᠢᠨᠠᠨ ᠬᠠᠷᠭᠤᠭᠤᠯᠬᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠲᠠᠭᠯᠠᠨ ᠪᠢᠴᠢᠭᠰᠡᠨ | ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠵᠤ᠂ ᠲᠣᠰ ᠵᠢᠯ ᠤᠨ ᠠᠵᠢᠯ ᠤᠨ ᠡᠭᠦᠷᠭᠡ ᠪᠠᠨ | ᠥᠨᠳᠥᠷ ᠪᠦᠲᠦᠮᠵᠢᠲᠡᠶ ᠲᠡᠭᠦᠰ ᠠᠮᠵᠢᠯᠲᠠ ᠲᠠᠢ ᠪᠡᠶᠡᠯᠡᠭᠦᠯᠪᠡ᠃ | ᠲᠣᠰ ᠤᠳᠠᠭᠠᠨ ᠤ ᠴᠠᠯᠢᠩ ᠬᠥᠯᠥᠰᠥ ᠶᠢ ᠪᠠᠶᠢᠴᠠᠭᠠᠵᠤ ᠲᠠᠭᠯᠠᠨ ᠮᠡᠳᠡᠭᠦᠯᠬᠦ ᠠᠵᠢᠯ ᠢᠶᠠᠷ ᠳᠠᠮᠵᠢᠭᠤᠯᠤᠨ᠂ | ᠮᠠᠨ ᠤ ᠲᠣᠭᠤᠷᠢᠭ ᠤᠨ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠯᠠᠪᠯᠠᠯᠲᠠ ᠶᠢᠨ | ᠲᠤᠭ᠎ᠠ ᠪᠠᠷᠢᠮᠲᠠ ᠬᠠᠩᠭᠠᠵᠤ᠂ ᠠᠵᠤ ᠠᠬᠤᠶᠢᠯᠠᠯ ᠤᠨ ᠴᠠᠯᠢᠩ ᠤᠨ ᠬᠢᠷᠢ ᠲᠦᠪᠰᠢᠨ ᠢ ᠵᠦᠶ ᠵᠣᠬᠢᠰᠲᠠᠶ | ᠲᠣᠭᠲᠠᠭᠠᠬᠤ᠂ ᠬᠥᠳᠡᠯᠮᠦᠷᠢᠴᠢᠳ ᠤᠨ ᠡᠮᠬᠢ ᠵᠢᠷᠤᠮ ᠲᠠᠢ ᠪᠠᠷ ᠰᠢᠯᠵᠢᠬᠦ ᠪᠠ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠬᠤ ᠳᠤ ᠴᠢᠬᠤᠯᠠ ᠠᠴᠢ | ᠬᠤᠯᠪᠣᠭᠳᠠᠯ ᠲᠠᠢ ᠪᠥᠭᠡᠳ ᠪᠥᠬᠦ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ | |