ᠠᠵᠢᠯ ᠡᠷᠢᠬᠦ ᠳᠤ ᠮᠡᠬᠡᠯᠡᠭᠳᠡᠬᠦ ᠠᠴᠠ ᠠᠶᠤᠨ᠎ᠠ︖ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠣᠲᠣᠨᠣᠰᠤᠭ ᠰᠠᠨᠠᠭᠤᠯᠤᠮᠵᠢ
ᠨᠡᠶᠢᠲᠡᠯᠡᠭᠰᠡᠨ ᠴᠠᠭ᠄
2025/5/7
        ᠮᠠᠰᠢ ᠣᠯᠠᠨ ᠬᠥᠮᠦᠨ ᠠᠵᠢᠯ ᠡᠷᠢᠬᠦ ᠦᠶᠡᠰ᠂ ᠵᠠᠷᠢᠮ ᠳᠠᠭᠠᠨ ᠤᠷᠢᠵᠤ ᠬᠡᠷᠡᠭᠯᠡᠬᠦ ᠵᠠᠬ᠎ᠠ ᠳᠡᠯᠭᠡᠭᠦᠷ ᠲᠠᠬᠢ ︽ᠬᠠᠷᠢᠭᠤᠴᠠᠯᠭ᠎ᠠ ᠦᠭᠡᠢ ᠰᠠᠭᠤᠷᠢ ᠴᠠᠯᠢᠩ︾᠂ ︽ ᠰᠢᠨ᠎ᠡ ᠬᠥᠮᠦᠨ ᠢ ᠬᠠᠮᠠᠭᠠᠯᠠᠬᠤ ᠬᠤᠭᠤᠴᠠᠭ᠎ᠠ︾ ᠵᠡᠷᠭᠡ ᠡᠯᠳᠡᠪ ᠵᠦᠢᠯ ᠤᠨ ᠤᠬᠠᠭᠤᠯᠭ᠎ᠠ ᠶᠢᠨ ᠨᠡᠷ᠎ᠡ ᠦᠭᠡ ᠶᠢᠨ ᠡᠮᠦᠨ᠎ᠡ᠂ ᠤᠬᠠᠭᠠᠨ ᠡᠰᠢ ᠶᠢ ᠨᠢ ᠦᠯᠦ ᠣᠯᠣᠨ᠎ᠠ᠂ ᠴᠣᠬᠤᠮ ᠬᠥᠮᠦᠨ ᠬᠡᠷᠡᠭᠯᠡᠬᠦ ᠨᠢᠭᠡᠴᠢ ᠶᠢᠨ ᠬᠤᠯᠤ ᠳᠤ ᠶᠠᠮᠠᠷ ᠡᠮ ᠬᠤᠳᠠᠯᠳᠤᠵᠤ ᠪᠠᠶᠢᠭ᠎ᠠ ᠶᠢ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠨ ᠢ ᠬᠠᠪᠰᠤᠷᠴᠤ  ᠠᠰᠠᠭᠤᠳᠠᠯ ᠢ  ᠨᠢᠭᠡᠳ ᠨᠢᠭᠡ ᠪᠠᠷ ᠰᠢᠢᠳᠪᠦᠷᠢᠯᠡᠵᠦ ᠲᠦᠭᠡᠷᠢᠭᠳᠡᠯ ᠠᠴᠠ ᠵᠠᠶᠢᠯᠠᠭᠤᠯᠤᠶ᠎ᠠ᠃        ᠬᠥᠳᠡᠯᠮᠦᠷᠢ ᠶᠢᠨ ᠭᠡᠷ᠎ᠡ ᠲᠣᠭᠲᠠᠬᠤ ᠃ ᠮᠠᠰᠢ ᠣᠯᠠᠨ ᠨᠢᠭᠡᠴᠢ ᠡᠭᠦᠷᠭᠡᠯᠡᠬᠦ ᠶᠣᠰᠣᠲᠠᠶ ᠬᠠᠤᠯᠢ ᠳᠤ ᠲᠣᠭᠲᠠᠭᠠᠭᠰᠠᠨ ᠡᠭᠦᠷᠭᠡ ᠠᠴᠠ ᠵᠠᠶᠢᠯᠠᠬᠤ ᠶᠢᠨ ᠲᠥᠯᠥᠭᠡ᠂ ᠬᠥᠳᠡᠯᠮᠦᠷᠢᠴᠢᠨ ᠲᠠᠢ ᠶᠠᠮᠠᠷ ᠨᠢᠭᠡᠨ ᠬᠠᠮᠲᠤᠷᠠᠯᠴᠠᠭᠠᠨ ᠤ ᠬᠡᠯᠡᠯᠴᠡᠭᠡᠷ ᠵᠡᠷᠭᠡ ᠶᠢ ᠲᠤᠭᠲᠠᠨ᠎ᠠ ᠂ ᠡᠨᠡ ᠦᠶ᠎ᠡ ᠳᠤ ᠬᠥᠳᠡᠯᠮᠦᠷᠢᠴᠢᠨ ᠰᠣᠨᠣᠷ ᠰᠡᠷᠡᠮᠵᠢ ᠲᠠᠢ ᠪᠠᠶᠢᠵᠤ ᠂ ᠵᠤᠷᠪᠤᠰ ᠤᠨ ᠠᠭᠤᠯᠭ᠎ᠠ ᠶᠢ ᠨᠠᠷᠢᠨ ᠪᠠᠶᠢᠴᠠᠭᠠᠨ ᠦᠵᠡᠬᠦ ᠬᠡᠷᠡᠭᠲᠡᠶ᠂ ᠬᠥᠮᠦᠨ ᠬᠡᠷᠡᠭᠯᠡᠬᠦ ᠨᠢᠭᠡᠴᠢ ᠮᠡᠬᠡᠯᠡᠵᠦ ᠬᠤᠣᠷᠯᠠᠬᠤ ᠮᠠᠰᠢ ᠶᠡᠭᠡ ᠪᠣᠯᠤᠯᠴᠠᠭ᠎ᠠ ᠲᠠᠢ᠂ ᠡᠨᠡ ᠦᠶ᠎ᠡ ᠳᠤ ᠬᠥᠮᠦᠨ ᠬᠡᠷᠡᠭᠯᠡᠬᠦ ᠨᠢᠭᠡᠴᠢ ᠲᠠᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠭᠠᠬᠤ ᠪᠠᠷ ᠱᠠᠭᠠᠷᠳᠠᠵᠤ ᠪᠣᠯᠤᠨ᠎ᠠ᠃        ᠠᠵᠢᠯ ᠳᠤ ᠣᠷᠣᠵᠤ ᠨᠡᠶᠢᠭᠡᠮ ᠤᠨ ᠳᠠᠭᠠᠳᠬᠠᠯ ᠲᠤᠰᠢᠶᠠᠬᠤ ᠃ ᠠᠵᠢᠯᠲᠠᠨ ᠠᠵᠢᠯᠴᠢᠨ ᠳᠤ ᠨᠡᠶᠢᠭᠡᠮ ᠤᠨ ᠳᠠᠭᠠᠳᠬᠠᠯ ᠲᠤᠰᠢᠶᠠᠬᠤ ᠪᠣᠯ ᠬᠥᠮᠦᠨ ᠬᠡᠷᠡᠭᠯᠡᠬᠦ ᠨᠢᠭᠡᠴᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠮᠥᠨ᠂ ᠬᠥᠮᠦᠨ ᠬᠡᠷᠡᠭᠯᠡᠬᠦ ᠨᠢᠭᠡᠴᠢ ︽ᠠᠵᠢᠯ ᠳᠤ ᠭᠠᠷᠤᠭᠠᠳ ᠪᠦᠬᠦᠯᠢ 3 ᠰᠠᠷ᠎ᠠ ᠶᠢᠨ ᠳᠠᠷᠠᠭ᠎ᠠ ᠲᠤᠰᠢᠶᠠᠬᠤ︾᠂ ︽ᠠᠵᠢᠯ ᠳᠤ ᠤᠷᠤᠭᠰᠠᠨ ᠤ ᠳᠠᠷᠠᠭ᠎ᠠ ᠠᠵᠢᠯ ᠤᠨ ᠠᠮᠵᠢᠯᠲᠠ ᠪᠦᠲᠦᠮᠵᠢ ᠶᠠᠮᠠᠷ ᠨᠢᠭᠡᠨ ᠵᠣᠭᠤᠰ ᠤᠨ ᠲᠤᠭ᠎ᠠ ᠬᠦᠷᠦᠭᠰᠡᠨ ᠤ  ᠳᠠᠷᠠᠭ᠎ᠠ ᠲᠤᠰᠢᠶᠠᠬᠤ︾ ᠵᠡᠷᠭᠡ ᠪᠣᠯ ᠴᠥᠮ ᠬᠥᠳᠡᠯᠮᠦᠷᠢᠴᠢᠳ ᠤᠨ ᠬᠡᠪ ᠤᠨ ᠡᠷᠬᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠮᠥᠨ᠃        ᠠᠵᠢᠯᠴᠢᠨ ᠬᠡᠷᠡᠭᠯᠡᠪᠡᠯ ᠴᠠᠯᠢᠩ ᠥᠭᠬᠦ ᠬᠡᠷᠡᠭᠲᠡᠢ᠃ ᠬᠡᠰᠡᠭ ᠪᠠᠶᠢᠭᠤᠯᠭ᠎ᠠ ᠨᠢᠭᠡᠴᠢ ᠠᠴᠠ ︽ᠠᠵᠢᠯ ᠳᠤ ᠪᠠᠨ ᠪᠦᠬᠦᠯᠢ ᠭᠤᠷᠪᠠᠨ ᠡᠳᠦᠷ ᠪᠣᠯᠤᠭ᠎ᠠ ᠦᠭᠡᠢ ᠪᠠᠷ ᠶᠠᠪᠤᠭᠰᠠᠨ  ᠪᠣᠯ ᠴᠠᠯᠢᠩ ᠥᠭᠬᠦ ᠦᠭᠡᠢ ︾᠂ ︽ᠲᠤᠷᠰᠢᠨ ᠬᠡᠷᠡᠭᠯᠡᠬᠦ ᠬᠤᠭᠤᠴᠠᠭᠠᠨ ᠳᠤ ᠺᠣᠮᠫᠠᠨᠢ ᠳᠤ ᠯᠤᠲᠤ ᠶᠡᠭᠡ ᠬᠤᠬᠢᠷᠠᠯ ᠤᠴᠠᠷᠠᠭᠤᠯᠵᠤ ᠠᠵᠢᠯ ᠠᠴᠠ ᠪᠠᠨ ᠬᠥᠭᠡᠭᠡᠭᠳᠡᠭᠰᠡᠨ ᠪᠣᠯ ᠴᠠᠯᠢᠩ ᠥᠭᠬᠦ ᠦᠭᠡᠢ︾ ᠵᠡᠷᠭᠡ ᠪᠣᠯ ᠴᠥᠮ ᠬᠠᠤᠯᠢ ᠶᠢ ᠵᠥᠷᠢᠴᠡᠭᠰᠡᠨ ᠶᠤᠮ᠃ ᠵᠠᠷᠤᠯᠲᠠ ᠪᠠᠶᠢᠪᠠᠯ ᠬᠠᠷᠢᠭᠤ ᠪᠠᠶᠢᠬᠤ  ᠬᠡᠷᠡᠭᠲᠡᠢ᠂ ᠵᠥᠪᠬᠡᠨ ᠨᠢᠭᠡ ᠯᠡ ᠡᠳᠦᠷ ᠠᠵᠢᠯᠯᠠᠭᠰᠠᠨ ᠴᠤ ᠴᠠᠯᠢᠩ ᠲᠠᠢ ᠪᠠᠶᠢᠬᠤ ᠶᠣᠰᠤᠲᠠᠢ ᠃        ᠥᠷᠭᠡᠨ ᠣᠯᠠᠨ ᠬᠥᠳᠡᠯᠮᠦᠷᠢᠴᠢᠳ ᠢ ᠥᠪᠡᠷ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠤᠯᠬᠤ ᠶᠢᠨ ᠬᠠᠮᠲᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠴᠦ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠢ ᠲᠣᠭᠤᠷᠢᠨ ᠪᠠᠶᠢᠴᠠᠭᠠᠵᠤ᠂ ᠬᠥᠮᠦᠨ ᠬᠡᠷᠡᠭᠯᠡᠬᠦ ᠨᠢᠭᠡᠴᠢ ᠶᠢ ᠤᠷᠢᠵᠤ ᠡᠯᠰᠡᠬᠦ ᠳᠡᠭᠡᠨ ᠬᠥᠳᠡᠯᠮᠦᠷᠢ ᠶᠢᠨ ᠬᠠᠤᠯᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ ᠂ ᠬᠥᠳᠡᠯᠮᠦᠷᠢᠴᠢᠳ ᠢ ︽ᠦᠳᠦᠭᠡᠬᠦ︾ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠲᠣᠭᠤᠷᠢᠭ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠣᠷᠴᠢᠨ ᠨᠥᠬᠦᠴᠡᠯ ᠢ ᠬᠠᠮᠲᠤ ᠪᠠᠷ ᠪᠣᠶ  ᠪᠣᠯᠭᠠᠬᠤ ᠶᠢ ᠰᠠᠨᠠᠭᠤᠯᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号