ᠡᠨᠡ ᠵᠢᠯ ᠠᠴᠠ ᠨᠠᠭᠠᠰᠢ ᠂ ᠱᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ | ᠪᠣᠯᠪᠠ᠃ | 2025 ᠣᠨ ᠤ 1 — 2 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠵᠦ᠂ ᠪᠥᠬᠦ | ᠬᠤᠲᠠ ᠶᠢᠨ ᠭᠤᠷᠪᠠᠳᠤᠭᠠᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 64.5% ᠪᠠᠷ ᠨᠡᠮᠡᠭᠳᠡᠵᠦ᠂ ᠪᠥᠬᠦ ᠬᠤᠲᠠ ᠶᠢᠨ | ᠬᠤᠶᠠᠳᠤᠭᠠᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 0. | 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠪᠥᠬᠦ | ᠬᠤᠲᠠ ᠶᠢᠨ ᠲᠠᠪᠤᠳᠤᠭᠠᠷ ᠲᠤ ᠣᠷᠣᠪᠠ︔ ᠮᠠᠨ ᠤ ᠲᠣᠭᠤᠷᠢᠭ ᠤᠨ ᠣᠯᠠᠨ ᠨᠡᠶᠢᠲᠡ ᠶᠢᠨ ᠲᠥᠰᠦᠪ ᠤᠨ ᠡᠳ᠋ ᠤᠨ | ᠵᠠᠰᠠᠭ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ ᠪᠥᠬᠦ ᠬᠤᠲᠠ ᠶᠢᠨ | ᠭᠤᠷᠪᠠᠳᠤᠭᠠᠷ ᠲᠤ ᠣᠷᠣᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠪᠥᠬᠦ ᠬᠤᠲᠠ ᠶᠢᠨ ᠨᠠᠢᠮᠠᠳᠤᠭᠠᠷ ᠲᠤ ᠣᠷᠣᠪᠠ᠃ | |