ᠰᠢᠭᠤᠶᠢᠲᠤ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠲᠠᠳ  ᠬᠡᠯᠡᠨ ᠤ ᠬᠢᠴᠢᠶᠡᠯ ᠤᠨ ᠰᠡᠳᠦᠪ ᠤᠨ ᠳᠤᠭᠤᠢᠯᠠᠩ ᠤᠨ ᠢᠵᠢᠯ ᠬᠢᠴᠢᠶᠡᠯ ᠤᠨ ᠣᠨᠳᠤᠤᠰᠢᠯ ᠬᠥᠳᠡᠯᠭᠡᠭᠡᠨ — ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠳᠤ  ᠭᠦᠨᠵᠡᠭᠡᠶᠢᠷᠡᠵᠦ ᠰᠢᠯᠭᠠᠯᠲᠠ ᠳᠤ ᠪᠡᠯᠡᠳᠬᠡᠬᠦ ᠰᠠᠶᠢᠨ  ᠠᠷᠭ᠎ᠠ ᠶᠢ ᠬᠠᠮᠲᠤ ᠪᠠᠷ ᠰᠦᠪᠡᠭᠴᠢᠯᠡᠪᠡ
ᠨᠡᠶᠢᠲᠡᠯᠡᠭᠰᠡᠨ ᠴᠠᠭ᠄
2025/5/7
        ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠳᠤ ᠭᠦᠨᠵᠡᠭᠡᠶᠢᠷᠡᠵᠦ ᠰᠢᠯᠭᠠᠯᠲᠠ ᠳᠤ ᠪᠡᠯᠡᠳᠬᠡᠬᠦ ᠰᠠᠶᠢᠨ  ᠠᠷᠭ᠎ᠠ ᠶᠢ ᠬᠠᠮᠲᠤ ᠪᠠᠷ ᠰᠦᠪᠡᠭᠴᠢᠯᠡᠪᠡ        ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠣᠬᠢᠶᠠᠨ ᠪᠢᠴᠢᠬᠦ ᠵᠢᠭᠠᠨ ᠰᠤᠷᠭᠠᠯᠲᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠦ ᠂ ᠶᠠᠪᠤᠴᠠ ᠶᠢᠨ ᠴᠢᠨᠠᠷᠲᠠᠢ ᠵᠣᠬᠢᠶᠠᠨ ᠪᠢᠴᠢᠬᠦ ᠣᠶᠢᠯᠠᠭᠠᠭᠳᠠᠬᠤᠨ ᠪᠣᠯᠤᠨ ᠵᠣᠬᠢᠶᠠᠨ ᠪᠢᠴᠢᠬᠦ ᠲᠤᠯᠭᠠᠭᠤᠷᠢ ᠶᠢ ᠪᠠᠶᠢᠭᠤᠯᠬᠤ ᠶᠢ ᠠᠭᠤᠰᠤᠯᠴᠠᠭᠤᠯᠬᠤ ᠠᠷᠭ᠎ᠠ ᠶᠢ ᠰᠦᠪᠡᠭᠴᠢᠯᠡᠬᠦ ᠶᠢᠨ ᠲᠦᠯᠦᠭᠡ ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ 4 ᠳ᠋ᠦ᠋ᠭᠡᠷ ᠰᠠᠷ᠎ᠠ ᠶᠢᠨ 16 ᠤ ᠡᠳᠦᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠲᠠᠳ ᠬᠡᠯᠡᠨ ᠤ ᠵᠣᠬᠢᠶᠠᠨ  ᠪᠢᠴᠢᠯᠭᠡ ᠶᠢᠨ ᠵᠢᠭᠠᠨ ᠰᠤᠷᠭᠠᠯᠲᠠ ᠶᠢᠨ ᠢᠵᠢᠯ ᠬᠢᠴᠢᠶᠡᠯ ᠤᠨ ᠣᠨᠳᠤᠤᠰᠢᠯ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠠᠩᠬ᠎ᠠ ᠭᠤᠷᠪᠠ ᠶᠢᠨ ᠵᠣᠬᠢᠶᠠᠨ ᠪᠢᠴᠢᠯᠭᠡ ᠶᠢᠨ ᠪᠣᠯᠪᠠᠰᠤᠷᠠᠯ ᠰᠢᠯᠭᠠᠯᠲᠠ ᠳᠤ ᠪᠡᠯᠡᠳᠬᠡᠬᠦ ᠶᠢᠨ ᠲᠣᠭᠤᠷᠢᠨ ᠳᠤ ᠦᠷᠨᠢᠭᠦᠯᠵᠦ ᠂ ᠬᠢᠨᠠᠨ ᠪᠠᠶᠢᠴᠠᠭᠠᠬᠤ ᠰᠡᠳᠦᠪ ᠤᠨ ᠰᠠᠨᠠᠭ᠎ᠠ ᠵᠣᠷᠢᠯᠭ᠎ᠠ᠂ ᠪᠣᠷᠣ ᠮᠠᠲ᠋ᠧᠷᠢᠶᠠᠯ ᠤᠨ ᠬᠡᠷᠡᠭᠯᠡᠯᠲᠡ᠂ ᠪᠢᠴᠢᠭ ᠮᠠᠲ᠋ᠧᠷᠢᠶᠠᠯ ᠤᠨ ᠪᠦᠲᠦᠴᠡ ᠵᠡᠷᠭᠡ ᠲᠠᠯ᠎ᠠ ᠪᠠᠷ ᠭᠦᠨᠵᠡᠭᠡᠶ ᠵᠠᠳᠠᠯᠤᠯᠲᠠ ᠬᠢᠵᠦ᠂ ᠬᠤᠪᠢ ᠳᠡᠭᠡᠭᠰᠢᠯᠡᠭᠦᠯᠬᠦ ᠵᠠᠮ ᠢ ᠡᠷᠢᠯᠬᠢᠯᠡᠪᠡ ᠃        ᠢᠵᠢᠯ ᠬᠢᠴᠢᠶᠡᠯ ᠤᠨ ᠣᠨᠳᠣᠣᠰᠢᠯ᠄ ︽ᠨᠡᠮᠡᠯᠲᠡ᠂ ᠥᠭᠡᠷᠡᠴᠢᠯᠡᠯᠲᠡ ᠣᠷᠣᠭᠤᠯᠤᠯᠲᠠ︾ ᠳᠤ ᠠᠩᠬᠠᠷᠤᠯ ᠢᠶᠠᠨ ᠲᠦᠪᠯᠡᠷᠡᠭᠦᠯᠪᠡ        ᠰᠡᠳᠬᠢᠬᠦᠶ ᠶᠢᠨ ᠰᠢᠨ᠎ᠡ ᠶᠢ ᠡᠭᠦᠳᠴᠦ᠂ ᠰᠢᠯᠭᠠᠯᠲᠠ ᠶᠢᠨ ᠲᠠᠯᠠᠪᠤᠷ ᠤᠨ ᠪᠣᠭᠤᠮᠢ ᠶᠢ ᠡᠪᠳᠡᠪᠡ — ᠰᠣ᠋ ᠮᠧᠩ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠭᠤᠷᠪᠠᠳᠤᠭᠠᠷ ᠣᠨ ᠤ 1 ᠳ᠋ᠦ᠋ᠭᠡᠷ ᠠᠩᠭᠢ ᠶᠢᠨ ᠾᠧᠦ ᠴᠢᠶᠠᠨ ᠱᠠ ᠪᠠᠭᠰᠢ ᠬᠢᠴᠢᠶᠡᠯ ᠤᠨ ᠲᠠᠩᠬᠢᠮ ᠳᠡᠭᠡᠷ᠎ᠡ ︽ ᠡᠮᠵᠢᠭ ᠵᠣᠬᠢᠶᠠᠯ ᠤᠨ ᠣᠨᠣᠰᠢᠯᠠᠯᠲᠠ — ᠵᠢᠵᠢᠭ ᠳᠤᠭᠤᠶᠢᠯᠠᠩ ᠬᠠᠷᠢᠯᠴᠠᠨ  ᠦᠨᠡᠯᠡᠬᠦ — ᠵᠢᠱᠢᠶ᠎ᠡ ᠵᠣᠬᠢᠶᠠᠯ ᠲᠠᠢ ᠬᠠᠷᠢᠴᠠᠭᠤᠯᠬᠤ ︾ ᠵᠠᠭᠪᠤᠷ ᠢ ᠬᠡᠷᠡᠭᠯᠡᠵᠦ᠂ ᠬᠢᠴᠢᠶᠡᠯ ᠤᠨ  ᠪᠢᠴᠢᠭ ᠢᠶᠠᠷ ᠦᠯᠢᠭᠡᠷ ᠵᠢᠱᠢᠶ᠎ᠡ ᠪᠣᠯᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠦᠢᠷᠯᠡᠬᠦ᠂ ᠨᠡᠪᠲᠡᠷᠡᠨ ᠣᠶᠢᠯᠠᠭᠠᠬᠤ ᠵᠡᠷᠭᠡ ᠨᠠᠶᠢᠷᠠᠭᠤᠯᠭ᠎ᠠ ᠶᠢᠨ ᠠᠷᠭ᠎ᠠ ᠶᠢ ᠬᠡᠷᠡᠭᠯᠡᠵᠦ ᠵᠣᠬᠢᠶᠠᠯ ᠢ ᠥᠩᠭᠡᠯᠡᠵᠦ ᠂ ᠰᠤᠷᠤᠭᠴᠢᠳ ᠢ ︽ᠤᠩᠰᠢᠵᠤ ᠣᠶᠢᠯᠠᠭᠠᠬᠤ︾ ᠠᠴᠠ ︽ᠰᠠᠶᠢᠨ ᠪᠢᠴᠢᠬᠦ︾ ᠳᠠᠪᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ ᠃
图片1.png
        ᠨᠠᠷᠢᠨ ᠵᠦᠢᠯᠡᠰ ᠤᠨ ᠲᠠᠰ ᠳᠡᠪᠰᠢᠯᠲᠡ ᠶᠢ ᠳᠡᠭᠡᠭᠰᠢᠯᠡᠭᠦᠯᠵᠦ᠂ ᠦᠭᠡ ᠬᠡᠯᠡᠨ ᠤ ᠠᠮᠢᠵᠢᠷᠠᠯ ᠤᠨ ᠬᠦᠴᠦᠨ ᠢ ᠬᠦᠭᠵᠢᠭᠡᠪᠡ — ᠰᠢᠭᠤᠶᠢᠲᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠭᠤᠷᠪᠠᠳᠤᠭᠠᠷ ᠣᠨ ᠤ 2 ᠳ᠋ᠤᠭᠠᠷ ᠠᠩᠭᠢ ᠶᠢᠨ ᠵᠠᠩ ᠼᠠᠢ ᠶᠢᠩ ᠪᠠᠭᠰᠢ  ᠰᠤᠷᠤᠭᠴᠢᠳ ᠤᠨ ᠵᠣᠬᠢᠶᠠᠨ ᠪᠢᠴᠢᠯᠭᠡ ᠪᠠᠷ ᠵᠢᠱᠢᠶ᠎ᠡ ᠪᠣᠯᠭᠠᠵᠤ᠂ ︿ᠦᠭᠡ ᠶᠠᠷᠢᠶ᠎ᠠ ᠶᠢᠨ ᠬᠡᠮᠵᠢᠶ᠎ᠡ﹀ ᠠᠴᠠ ︿ᠦᠭᠡ ᠶᠠᠷᠢᠶᠠᠨ ᠤ ᠬᠡᠮᠵᠢᠶ᠎ᠡ﹀ ᠶᠢ ᠳᠡᠭᠡᠭᠰᠢᠯᠡᠭᠦᠯᠬᠦ ᠪᠣᠯᠲᠠᠯ᠎ᠠ ᠳᠠᠬᠢᠨ ︿ᠦᠭᠡ ᠬᠡᠯᠡᠨ ᠤ ᠰᠠᠨᠠᠭ᠎ᠠ ﹀ ᠶᠢ ᠭᠦᠨᠵᠡᠭᠡᠶᠢᠷᠡᠭᠦᠯᠬᠦ ᠬᠦᠷᠲᠡᠯ᠎ᠡ ᠂ ᠠᠯᠬᠤᠮ ᠠᠯᠬᠤᠮ ᠢᠶᠠᠷ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠲᠤᠬᠠᠶ ᠶᠢᠨ ᠲᠠᠯᠠᠪᠤᠷ ᠲᠤ ᠵᠠᠰᠠᠪᠤᠷᠢ ᠣᠷᠣᠭᠤᠯᠵᠤ᠂ ᠥᠩᠭᠡ ᠨᠡᠮᠡᠷᠢᠯᠡᠪᠡ ᠃ ᠰᠤᠷᠤᠭᠴᠢᠳ ᠣᠷᠴᠢᠨ ᠲᠣᠭᠤᠷᠢᠨ ᠤ ᠳᠦᠷᠰᠦᠯᠡᠯ ᠨᠡᠮᠡᠬᠦ᠂ ᠬᠥᠳᠡᠯᠭᠡᠭᠡᠨ ᠤ ᠨᠠᠷᠢᠨ ᠵᠦᠢᠯᠡᠰ ᠢ ᠨᠠᠷᠢᠯᠢᠭᠵᠢᠭᠤᠯᠬᠤ ᠪᠠᠷ ᠳᠠᠮᠵᠢᠭᠤᠯᠤᠨ᠂ ᠡᠩ ᠤᠨ ︽ᠨᠤᠲᠤᠭ︾ ᠤᠨ ᠠᠭᠤᠯᠠ ᠤᠰᠤ ᠶᠢ ᠰᠡᠳᠬᠢᠯ ᠬᠥᠳᠡᠯᠭᠡᠮ᠎ᠡ ︽ᠨᠤᠲᠤᠭ︾ ᠪᠣᠯᠭᠠᠨ ᠬᠤᠪᠢᠷᠠᠭᠤᠯᠵᠤ᠂ ᠵᠠᠰᠠᠪᠤᠷᠢ ᠣᠷᠣᠭᠤᠯᠤᠨ ᠥᠩᠭᠡ ᠨᠡᠮᠡᠷᠢᠯᠡᠬᠦ ᠶᠢᠨ ᠦᠷᠲᠡᠭ ᠢ ᠰᠢᠭᠤᠳ ᠢᠯᠡᠷᠡᠭᠦᠯᠪᠡ᠃
图片2.png
        ᠰᠢᠯᠭᠠᠯᠲᠠ ᠳᠤ ᠪᠡᠯᠡᠳᠬᠡᠬᠦ ᠠᠷᠭ᠎ᠠ ᠪᠣᠳᠣᠯᠭ᠎ᠠ᠄ ᠲᠠᠰ ᠳᠠᠪᠬᠤᠷᠭ᠎ᠠ ᠬᠤᠪᠢᠶᠠᠨ ᠪᠣᠳᠠᠲᠤ ᠪᠠᠶᠢᠯᠳᠤᠭᠠᠨ ᠤ ᠵᠢᠯᠣᠭᠤᠳᠣᠯᠭ᠎ᠠ ᠬᠢᠪᠡ        ᠢᠵᠢᠯ ᠬᠢᠴᠢᠶᠡᠯ ᠤᠨ ᠣᠨᠳᠣᠣᠰᠢᠯ ᠳᠠᠭᠤᠰᠤᠭᠰᠠᠨ ᠤ ᠳᠠᠷᠠᠭ᠎ᠠ᠂ ᠰᠡᠳᠦᠪ ᠤᠨ ᠳᠤᠭᠤᠶᠢᠯᠠᠩ ᠤᠨ ᠪᠠᠭᠰᠢ ᠨᠠᠷ ᠬᠤᠶᠠᠷ ᠪᠠᠭᠰᠢ ᠶᠢᠨ ᠬᠢᠴᠢᠶᠡᠯ ᠢ ᠮᠠᠰᠢ ᠪᠠᠭ᠋ᠠᠷᠬᠠᠨ ᠮᠠᠭᠲᠠᠵᠤ ᠂ ᠡᠨᠡ ᠪᠣᠯ ᠵᠣᠬᠢᠶᠠᠯ ᠤᠨ ᠵᠢᠭᠠᠨ ᠰᠤᠷᠭᠠᠯᠲᠠ ᠶᠢᠨ ᠰᠢᠯᠢᠳᠡᠭ ᠵᠢᠱᠢᠶ᠎ᠡ ᠮᠥᠨ ᠭᠡᠵᠦ ᠰᠠᠨᠠᠯ ᠨᠢᠭᠡᠲᠡᠢ ᠦᠵᠡᠵᠡᠭᠡᠪᠡ ᠃ ᠵᠢᠭᠠᠨ ᠰᠤᠳᠤᠯᠤᠭᠴᠢ ᠶᠠᠩ ᠪᠠᠭᠰᠢ᠂ ᠡᠨᠡ ᠬᠤᠶᠠᠷ ᠬᠢᠴᠢᠶᠡᠯ ᠨᠢ ᠵᠣᠬᠢᠶᠠᠨ ᠪᠢᠴᠢᠯᠭᠡ ᠶᠢᠨ ᠪᠣᠯᠪᠠᠰᠤᠷᠠᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠢᠴᠢᠬᠦ ᠶᠢ ᠶᠠᠪᠤᠴᠠᠵᠢᠭᠤᠯᠵᠤ ᠂ ᠵᠣᠬᠢᠶᠠᠨ ᠪᠢᠴᠢᠬᠦ ᠤᠷ᠎ᠠ ᠮᠡᠷᠭᠡᠵᠢᠯ ᠢ  ᠤᠯᠠᠮᠵᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠵᠢᠭᠠᠨ ᠰᠤᠷᠭᠠᠬᠤ ᠣᠶᠢᠯᠠᠭᠠᠭᠳᠠᠬᠤᠨ ᠤ ᠰᠢᠨᠡᠴᠢᠯᠡᠯᠲᠡ ᠶᠢᠨ ᠠᠮᠢᠳᠤᠯᠢᠭ ᠦᠢᠯᠡᠳᠦᠯᠭᠡ ᠪᠣᠯᠤᠨ᠎ᠠ᠃ ᠬᠢᠴᠢᠶᠡᠯ ᠤᠨ ᠲᠠᠩᠬᠢᠮ  ᠨᠢ ᠵᠢᠭᠠᠬᠤ ᠮᠠᠲ᠋ᠧᠷᠢᠶᠠᠯ ᠪᠣᠯᠤᠨ ᠠᠮᠢᠳᠤᠷᠠᠯ ᠤᠨ ᠪᠣᠷᠣ ᠮᠠᠲ᠋ᠧᠷᠢᠶᠠᠯ  ᠤᠷᠠᠨ ᠰᠠᠶᠢᠬᠠᠨ ᠠᠭᠤᠰᠤᠯᠴᠠᠭᠤᠯᠵᠤ ᠂ ᠰᠤᠷᠤᠭᠴᠢ ᠪᠠᠷ ᠭᠤᠣᠯ ᠴᠣᠭᠴᠠ ᠪᠣᠯᠭᠠᠨ ᠵᠢᠪᠦᠯᠲᠦ ᠬᠡᠯᠪᠡᠷᠢ ᠪᠠᠷ ᠰᠤᠷᠤᠯᠴᠠᠬᠤ ᠠᠬᠤᠢ ᠪᠠᠶᠢᠳᠠᠯ ᠢ ᠪᠠᠶᠢᠭᠤᠯᠵᠤ᠂ ᠰᠡᠳᠬᠢᠬᠦᠢ ᠶᠢᠨ ᠰᠡᠩᠬᠡᠷᠡᠭᠦᠯᠦᠯ ᠠᠴᠠ ᠴᠢᠳᠠᠪᠤᠷᠢ ᠶᠢᠨ ᠳᠠᠪᠳᠤᠯ ᠬᠦᠷᠲᠡᠯ᠎ᠡ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠣᠯᠤᠨ ᠰᠢᠯᠭᠠᠯᠲᠠ ᠶᠢᠨ ᠲᠠᠯᠠᠪᠠᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ ᠭᠡᠵᠦ  ᠵᠢᠭᠠᠵᠤ ᠭᠠᠷᠭᠠᠪᠠ ᠃
图片3.png
        ᠾᠧᠦ ᠴᠢᠶᠠᠨ ᠱᠠ ᠪᠠᠭᠰᠢ ︽ᠭᠤᠷᠪᠠᠨ ᠡᠭᠡᠯᠵᠢ ᠶᠢᠨ ᠰᠢᠯᠭᠠᠯᠲᠠ ᠳᠤ ᠪᠡᠯᠡᠳᠬᠡᠬᠦ ᠠᠷᠭ᠎ᠠ︾ ᠶᠢ ᠬᠤᠪᠢᠶᠠᠯᠴᠠᠪᠠ ᠄ ᠰᠠᠭᠤᠷᠢ ᠶᠢ ᠪᠠᠬᠢᠵᠢᠭᠦᠯᠬᠦ ᠱᠠᠲᠤ ᠂ ︽ᠰᠣᠶᠣᠯ ᠤᠨ ᠤᠯᠠᠮᠵᠢᠯᠠᠯ︾  ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ︾᠂ ︽ᠡᠭᠡᠯ ᠵᠢᠷ ᠤᠨ ᠪᠢᠴᠢᠯ ᠭᠡᠷᠡᠯ︾ ᠤᠨ ᠪᠣᠷᠣ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠬᠤ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠨ᠎ᠡ︔ ᠮᠡᠷᠭᠡᠵᠢᠯ ᠤᠨ ᠠᠷᠭ᠎ᠠ ᠶᠢᠨ ᠰᠢᠪᠲᠤᠯᠤᠯᠲᠠ ᠶᠢᠨ ᠱᠠᠲᠤ ᠂ ︽  5 ᠮᠢᠨᠦ᠋ᠲ ᠤᠨ ᠬᠥᠲᠥᠯᠪᠦᠷᠢ ᠶᠢᠨ ᠠᠷᠭ᠎ᠠ︾᠂ ︽ᠭᠤᠷᠪᠠᠨ ᠬᠡᠰᠡᠭ ᠬᠡᠯᠪᠡᠷᠢ ᠶᠢᠨ ᠪᠦᠲᠦᠴᠡ ᠶᠢᠨ ᠵᠠᠭᠪᠤᠷ︾ ᠢᠶᠠᠷ ᠰᠤᠷᠤᠭᠴᠢᠳ ᠤᠨ ᠰᠢᠯᠭᠠᠯᠲᠠ ᠶᠢᠨ ᠲᠠᠯᠠᠪᠠᠶ ᠶᠢᠨ ᠬᠤᠪᠢᠷᠠᠯᠲᠠ ᠶᠢ ᠠᠷᠭᠠᠴᠠᠬᠤ ᠬᠦᠴᠦᠨ ᠢ ᠳᠡᠭᠡᠭᠰᠢᠯᠡᠭᠦᠯᠦᠨ᠎ᠡ︔ ᠣᠷᠤᠶᠢᠯᠠᠭᠰᠠᠨ ᠰᠤᠷᠤᠭᠴᠢᠳ ᠤᠨ ᠪᠦᠰᠡᠯᠡᠯᠲᠡ ᠰᠢᠪᠲᠤᠯᠬᠤ ᠱᠠᠲᠤ᠂ ᠦᠪᠡᠷᠮᠢᠴᠡ ᠢᠯᠡᠳᠬᠡᠵᠦ ᠰᠢᠨ᠎ᠡ ᠶᠢ ᠡᠭᠦᠳᠬᠦ ᠬᠤᠪᠢ ᠣᠯᠬᠤ ᠶᠢ ᠵᠣᠷᠢᠭᠵᠢᠭᠤᠯᠤᠨ᠎ᠠ᠃ ᠳᠠᠭᠠᠷᠢᠯᠲᠠ ᠶᠢᠨ ᠱᠠᠲᠤᠨ ᠳᠤ ᠪᠠᠭᠰᠢ ︽ᠳᠠᠰᠬᠠᠯᠵᠢᠭᠤᠯᠤᠭᠴᠢ  + ᠨᠠᠶᠢᠷᠠᠭᠤᠯᠤᠭᠴᠢ ︾ ᠪᠣᠯᠵᠤ ︽ᠰᠠᠶᠢᠨ ᠵᠣᠬᠢᠶᠠᠯ︾ ᠢ ᠨᠢᠭᠡ ᠨᠢᠭᠡ ᠪᠠᠷ  ᠨᠠᠷᠢᠯᠢᠭᠵᠢᠭᠤᠯᠤᠨ ᠦᠨᠡᠯᠡᠨ ᠦᠭᠡᠷᠡᠴᠢᠯᠡᠨ᠎ᠡ ᠃        ︽1356︾ ᠣᠨᠣᠯ᠄ ᠵᠣᠬᠢᠶᠠᠯ ᠤᠨ ᠵᠢᠭᠠᠨ ᠰᠤᠷᠭᠠᠯᠲᠠ ᠶᠢᠨ ᠰᠦᠪᠡᠭᠴᠢᠯᠡᠯᠲᠡ        ᠠᠵᠢᠯᠯᠠᠭ᠎ᠠ ᠶᠢᠨ ᠡᠴᠦᠰ ᠲᠤ᠂ ᠵᠢᠭᠠᠨ ᠰᠤᠳᠤᠯᠤᠭᠴᠢ ᠶᠠᠩ ᠶᠠᠨ ᠪᠠᠭᠰᠢ ᠵᠣᠬᠢᠶᠠᠨ  ᠪᠢᠴᠢᠯᠭᠡ ᠶᠢᠨ ᠵᠢᠭᠠᠨ ᠰᠤᠷᠭᠠᠯᠲᠠ ᠶᠢᠨ ᠰᠡᠳᠦᠪ ᠤᠨ ᠳᠤᠭᠤᠶᠢᠯᠠᠩ ᠤᠨ ︽1356︾ ᠦᠷ᠎ᠡ ᠪᠦᠲᠦᠭᠡᠯ ᠤᠨ ᠤᠨᠤᠯ ᠢ ᠨᠠᠷᠢᠨ ᠲᠣᠳᠣᠷᠬᠠᠶ ᠲᠠᠶᠢᠯᠪᠤᠷᠢᠯᠠᠪᠠ᠃ ᠲᠤᠰ ᠣᠨᠣᠯ ᠨᠢ ᠶᠠᠪᠤᠴᠠ ᠶᠢᠨ ᠵᠣᠬᠢᠶᠠᠨ ᠪᠢᠴᠢᠬᠦ ᠠᠷᠭ᠎ᠠ ᠪᠠᠷ ᠭᠤᠣᠯ ᠣᠶᠢᠯᠠᠭᠠᠭᠳᠠᠬᠤᠨ ᠪᠣᠯᠭᠠᠵᠤ᠂ ᠵᠣᠬᠢᠶᠠᠨ ᠪᠢᠴᠢᠬᠦ ᠶᠢ ᠬᠥᠳᠡᠯᠦᠩᠭᠦᠢ ᠶᠠᠪᠤᠴᠠ ᠪᠣᠯᠭᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠨᠢᠨ ᠮᠡᠳᠡᠬᠦᠢ ᠶᠢᠨ ᠣᠨᠴᠠᠯᠢᠭ ᠲᠠᠢ ᠨᠡᠶᠢᠴᠡᠪᠡ ᠃ ᠲᠡᠭᠦᠨ ᠤ ᠪᠠᠶᠢᠭᠤᠯᠤᠭᠰᠠᠨ ᠭᠤᠷᠪᠠᠨ ᠱᠠᠲᠤᠨ ᠤ ᠵᠢᠭᠠᠨ ᠰᠤᠷᠭᠠᠯᠲᠠ ᠶᠢᠨ ᠲᠣᠭᠲᠠᠯᠴᠠᠭ᠎ᠠ ᠨᠢ  ᠠᠳᠠᠯᠢ ᠪᠤᠰᠤ ᠣᠨ ᠳᠤ ᠴᠢᠭᠯᠡᠭᠦᠯᠦᠨ ᠠᠳᠠᠯᠢ ᠪᠤᠰᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠳᠣᠯᠣᠳᠤᠭᠠᠷ ᠣᠨ ᠳᠤ ᠰᠤᠷᠤᠭᠴᠢᠳ ᠤᠨ ᠳᠤᠷ᠎ᠠ ᠰᠣᠨᠢᠷᠬᠠᠯ ᠢ ᠬᠥᠭᠵᠢᠭᠡᠬᠦ ᠶᠢᠨ ᠬᠠᠮᠲᠤ ᠵᠣᠬᠢᠶᠠᠨ ᠪᠢᠴᠢᠬᠦ ᠵᠢᠷᠤᠮᠵᠢᠯ ᠢ ᠪᠠᠶᠢᠭᠤᠯᠪᠠ ᠂ ᠨᠠᠢᠮᠠᠳᠤᠭᠠᠷ ᠣᠨ ᠳᠤ ᠯᠣᠭᠢᠭ ᠰᠡᠳᠬᠢᠬᠦᠶ ᠶᠢ  ᠨᠢ ᠭᠦᠨᠵᠡᠭᠡᠶᠢᠷᠡᠭᠦᠯᠵᠦ ᠮᠡᠳᠡᠯᠭᠡ ᠶᠢᠨ ᠰᠢᠯᠵᠢᠯᠲᠡ ᠶᠢ ᠠᠬᠢᠭᠤᠯᠪᠠ ᠂ ᠶᠢᠰᠦᠳᠦᠭᠡᠷ ᠣᠨ ᠳᠤ ᠰᠢᠨ᠎ᠡ ᠶᠢ ᠡᠭᠦᠳᠴᠦ ᠢᠯᠡᠳᠬᠡᠬᠦ ᠪᠠ ᠰᠢᠭᠦᠮᠵᠢᠯᠡᠯᠲᠦ ᠰᠡᠳᠬᠢᠬᠦᠶ ᠶᠢ ᠬᠥᠮᠦᠵᠢᠭᠦᠯᠪᠡ᠃ ᠡᠭᠦᠨ ᠠᠴᠠ ᠭᠠᠳᠠᠨ᠎ᠠ᠂ ᠲᠠᠪᠤᠨ ᠵᠦᠢᠯ ᠤᠨ ᠵᠣᠬᠢᠶᠠᠨ ᠪᠢᠴᠢᠬᠦ ᠲᠤᠯᠬᠤ ᠵᠢᠶᠠᠰᠠ ᠪᠠ ᠵᠢᠷᠭᠤᠭᠠᠨ ᠵᠦᠢᠯ ᠤᠨ ᠵᠢᠭᠠᠨ ᠰᠤᠷᠭᠠᠬᠤ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ᠪᠦᠬᠦ ᠲᠠᠯ᠎ᠠ ᠪᠠᠷ ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠳᠤ ᠬᠦᠴᠦᠨ ᠨᠡᠮᠡᠷᠢᠯᠡᠵᠦ ᠂ ᠵᠢᠭᠠᠨ ᠰᠤᠷᠭᠠᠯᠲᠠ ᠶᠢ ᠰᠢᠨᠵᠢᠯᠡᠬᠦ ᠤᠬᠠᠭᠠᠨᠴᠢ ᠭᠡᠷᠡᠴᠢᠯᠡᠯ ᠤᠨ ᠵᠠᠭᠪᠤᠷ ᠲᠡᠶᠢᠰᠢ ᠬᠤᠪᠢᠷᠠᠭᠤᠯᠬᠤ ᠶᠢ ᠠᠬᠢᠭᠤᠯᠪᠠ᠃
图片4.png
        ᠲᠣᠰ ᠤᠳᠠᠭᠠᠨ ᠤ ᠢᠵᠢᠯ ᠬᠢᠴᠢᠶᠡᠯ ᠤᠨ ᠣᠨᠳᠣᠣᠰᠢᠯ ᠤᠨ ᠬᠦᠳᠡᠯᠭᠡᠭᠡᠨ ᠪᠠ ᠦᠷ᠎ᠡ ᠪᠦᠲᠦᠭᠡᠯ ᠤᠨ ᠬᠤᠪᠢᠶᠠᠯᠴᠠᠯ ᠨᠢ ᠂ ᠰᠢᠭᠤᠶᠢᠲᠤ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠲᠠᠳ ᠬᠡᠯᠡᠨ ᠤ ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠳᠤ ᠴᠤ᠋ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ ᠂ ᠰᠡᠳᠦᠪ ᠤᠨ ᠳᠤᠭᠤᠶᠢᠯᠠᠩ ᠨᠢ ︽ᠤᠩᠰᠢᠵᠤ ᠪᠢᠴᠢᠬᠦ ᠳᠤ ᠬᠠᠮᠲᠤ ᠰᠤᠷᠤᠯᠴᠠᠬᠤ︾ ᠵᠢᠭᠠᠨ ᠰᠤᠳᠤᠯᠬᠤ ᠵᠠᠭᠪᠤᠷ ᠢ ᠦᠷᠭᠦᠯᠵᠢᠯᠡᠨ ᠭᠦᠨᠵᠡᠭᠡᠶ ᠰᠦᠪᠡᠭᠴᠢᠯᠡᠵᠦ᠂ ᠰᠤᠷᠤᠭᠴᠢᠳ ᠢ ᠠᠮᠢᠳᠤᠷᠠᠯ ᠤᠨ ᠵᠢᠵᠢᠭ ᠰᠠᠵᠢᠭ ᠵᠦᠢᠯ ᠠᠴᠠ ᠰᠢᠮ᠎ᠡ ᠲᠡᠵᠢᠭᠡᠯ  ᠣᠯᠬᠤ ᠶᠢ ᠬᠦᠲᠦᠯᠦᠨ ᠵᠢᠯᠤᠭᠤᠳᠴᠤ ᠂ ᠡᠭᠡᠯ ᠪᠣᠷᠤᠭᠵᠢᠭᠤᠨ ᠦᠰᠦᠭ ᠪᠢᠴᠢᠭ ᠢ ᠰᠡᠳᠭᠢᠯ  ᠬᠦᠳᠡᠯᠭᠡᠮ᠎ᠡ ᠬᠠᠭᠤᠳᠠᠰᠤ ᠪᠣᠯᠭᠠᠵᠤ᠂ ᠬᠢᠲᠠᠳ ᠬᠡᠯᠡᠨ ᠤ ᠬᠡᠪ ᠪᠣᠯᠪᠠᠰᠤᠷᠠᠯ ᠬᠢᠭᠡᠳ ᠣᠶᠤᠨ ᠰᠠᠨᠠᠭᠠᠨ ᠤ ᠶᠢᠷᠲᠢᠨᠴᠦ ᠶᠢᠨ ᠳᠠᠪᠬᠤᠷ ᠳᠡᠭᠡᠭᠰᠢᠯᠡᠯᠲᠡ ᠶᠢ ᠪᠡᠶᠡᠯᠡᠭᠦᠯᠬᠦ ᠪᠣᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号