ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵ᠰᠢᠭᠤᠶᠢᠲᠤ ᠥᠷᠲᠡᠭᠡ ︶ ᠶᠢᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ — ᠰᠤᠪᠢᠯᠠᠭᠴᠢ ᠶᠢᠨ ᠠᠵᠢᠯ ᠡᠷᠬᠢᠯᠡᠬᠦ ᠶᠢ ᠳᠠᠩᠰᠠᠯᠠᠭᠤᠯᠬᠤ ︵ᠬᠤᠪᠢᠷᠠᠭᠤᠯᠤᠨ ᠳᠠᠩᠰᠠᠯᠠᠭᠤᠯᠬᠤ︶
ᠨᠡᠶᠢᠲᠡᠯᠡᠭᠰᠡᠨ ᠴᠠᠭ᠄
2025/5/7
        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠᠶᠢᠵᠤ᠂ ᠠᠵᠤ ᠠᠬᠤᠶᠢᠯᠠᠯ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵ᠰᠢᠭᠤᠶᠢᠲᠤ ᠥᠷᠲᠡᠭᠡ︶ ᠪᠠᠷ ᠳᠠᠮᠵᠢᠭᠤᠯᠤᠨ᠂ ᠬᠡᠷᠡᠭᠯᠡᠭᠴᠢᠳ ᠰᠦᠯᠵᠢᠶᠡᠨ ᠳᠡᠭᠡᠷ᠎ᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠂ ᠵᠢᠱᠢᠶᠡᠯᠡᠪᠡᠯ ᠦᠨᠡᠮᠯᠡᠯ ᠭᠦᠢᠴᠡᠳᠭᠡᠬᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠵᠠᠷᠤᠳᠠᠯ ᠲᠤᠰᠢᠶᠠᠬᠤ ᠵᠡᠷᠭᠡ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠨᠢ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠳᠥᠭᠦᠮ ᠳᠥᠲᠡ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠨ᠎ᠠ᠃        1.ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠤᠶᠤ ᠮᠥᠩᠬᠡ ᠰᠤᠪᠠᠭ ᠤᠨ APP ᠶᠢ ᠨᠡᠭᠡᠭᠡᠵᠦ᠂ ᠮᠥᠩᠬᠡ ᠰᠤᠪᠠᠭ APP ᠶᠢ ᠬᠡᠷᠡᠭᠯᠡᠨ ᠺᠣᠳ᠋ ᠰᠢᠷᠪᠢᠵᠦ ᠲᠡᠮᠳᠡᠭᠯᠡᠨ᠎ᠡ ᠃
图片1.png
        2.ᠲᠠᠨ ᠤ ᠭᠦᠢᠴᠡᠳᠬᠡᠬᠦ ᠴᠢᠬᠤᠯᠠᠲᠠᠢ ᠵᠦᠢᠯ  ᠢᠶᠠᠨ ᠣᠷᠣᠭᠤᠯᠤᠨ᠎ᠠ ᠃
图片2.png
        3.ᠲᠤᠰ ᠶᠠᠪᠤᠳᠠᠯ ᠤᠨ ᠬᠡᠷᠡᠭ ᠡᠷᠬᠢᠯᠡᠬᠦ ᠵᠦᠭᠯᠡᠭᠦᠷ ᠪᠠ ᠬᠡᠷᠡᠭᠰᠡᠬᠦ ᠮᠠᠲ᠋ᠧᠷᠢᠶᠠᠯ ᠢ ᠪᠠᠶᠢᠴᠠᠭᠠᠨ ᠦᠵᠡᠬᠦ ᠶᠢᠨ ᠬᠠᠮᠲᠤ ᠲᠠᠷᠣᠢ ᠭᠦᠢᠴᠡᠳᠭᠡᠬᠦ  ᠳᠠᠷᠤᠪᠴᠢ ᠶᠢ ᠳᠠᠷᠤᠨ᠎ᠠ ᠃
图片3.png
        4.ᠮᠥᠩᠬᠡ ᠰᠤᠪᠠᠭ APP ᠢᠶᠠᠷ ᠨᠢᠭᠤᠷ ᠢᠶᠠᠨ ᠰᠢᠷᠪᠢᠵᠦ ᠭᠡᠷᠡᠴᠢᠯᠡᠭᠰᠡᠨ ᠤ ᠳᠠᠷᠠᠭ᠎ᠠ᠂ ᠰᠢᠰᠲ᠋ᠧᠮ ᠤᠨ ᠠᠯᠬᠤᠮ ᠳᠠᠷᠠᠭ᠎ᠠ ᠪᠠᠷ ᠬᠡᠷᠡᠭᠰᠡᠬᠦ ᠮᠡᠳᠡᠭᠡ ᠵᠠᠩᠭᠢ ᠪᠠᠨ ᠲᠠᠭᠯᠠᠨ᠎ᠠ᠃
图片4.png
        5.ᠲᠠᠶᠢᠯᠪᠤᠷᠢ ᠶᠢ ᠰᠣᠩᠭᠤᠭᠰᠠᠨ ᠤ ᠳᠠᠷᠠᠭ᠎ᠠ ᠲᠠᠷᠠᠭᠠᠴᠢ ᠶᠢᠨ ᠠᠯᠬᠤᠮ ᠤᠨ ᠦᠨᠳᠦᠰᠦᠨ ᠮᠡᠳᠡᠭᠡ ᠵᠠᠩᠭᠢ ᠶᠢ ᠪᠠᠨ ᠨᠤᠲᠠᠯᠠᠵᠤ᠂ ᠱᠠᠭᠠᠷᠳᠠᠯᠭ᠎ᠠ ᠶᠣᠰᠣᠭᠠᠷ ᠬᠡᠷᠡᠭᠰᠡᠬᠦ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠵᠤ᠂ ᠭᠤᠶᠤᠴᠢᠯᠠᠯ ᠢᠶᠠᠨ ᠲᠤᠰᠢᠶᠠᠨ᠎ᠠ ᠃
图片5.png
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号