ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ — ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠠᠮᠲᠤ ᠪᠠᠷ ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2025/5/7
图片1.png
        ︽ᠬᠤᠶᠠᠷ ᠲᠥᠯᠥᠭᠡᠯᠡᠭᠴᠢ ᠨᠢᠭᠡ ᠭᠡᠰᠢᠭᠦᠨ ︾ ᠬᠠᠮᠲᠤ ᠪᠠᠷ ᠸᠧᠢ ᠵᠢᠩ ᠡᠨᠧᠷᠭᠢ ᠬᠠᠳᠠᠭᠠᠯᠠᠬᠤ ᠴᠠᠶᠢᠷ ᠲᠡᠮᠦᠷ ᠤᠨ ᠰᠢᠩᠭᠡᠨ ᠤᠷᠤᠰᠬᠠᠯᠲᠤ ᠳ᠋ᠢᠶᠠᠨ ᡂᠢ ︵ᠪᠤᠭᠤᠲᠤ︶ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠢ ᠲᠣᠭᠤᠷᠢᠨ ᠦᠵᠡᠪᠡ᠃ ᠰᠤᠷᠪᠤᠯᠵᠢᠯᠠᠭᠴᠢ ᠯᠢ ᠴᠢᠶᠠᠩ ᠰᠡᠭᠦᠲᠡᠷᠯᠡᠪᠡ        4 ᠳ᠋ᠦ᠋ᠭᠡᠷ ᠰᠠᠷ᠎ᠠ ᠶᠢᠨ 14 ᠤ ᠡᠳᠦᠷ᠂ ᠮᠠᠨ ᠤ ᠬᠤᠲᠠ ᠶᠢᠨ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠠᠮᠲᠤ ᠪᠠᠷ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠪᠠᠶᠢᠴᠠᠭᠠᠨ ᠦᠵᠡᠪᠡ᠃        ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤᠷᠢᠳ ᠬᠤᠵᠢᠳ ᠸᠧᠶ ᠵᠢᠩ ᠡᠨᠧᠷᠭᠢ ᠬᠠᠳᠠᠭᠠᠯᠠᠬᠤ ᠴᠠᠶᠢᠷ ᠲᠡᠮᠦᠷ ᠤᠨ ᠰᠢᠩᠭᠡᠨ ᠤᠷᠤᠰᠬᠠᠯᠲᠤ ᠳ᠋ᠢᠶᠠᠨ ᡂᠢ ︵ᠪᠤᠭᠤᠲᠤ︶ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠤᠭᠤᠲᠤ ᠶᠢᠨ ᠬᠦᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠲᠦ ᠥᠨᠳᠥᠷ ᠴᠡᠪᠡᠷᠴᠡᠲᠦ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠸᠧ ᠯᠦᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠲᠥᠷᠥᠯ ᠵᠦᠢᠯ᠂ ᠤᠮᠠᠷᠠᠲᠤ ᠶᠢᠨ ᠬᠤᠪᠣᠷ ᠰᠢᠷᠣᠶ ᠶᠢᠨ 19.8 ᠲᠦᠮᠡᠨ ᠲᠣᠨ ᠪᠣᠬᠢᠷᠲᠤᠯ ᠥᠬᠡᠶ ᠲᠡᠮᠦᠷᠯᠢᠭ ᠬᠠᠶᠢᠯᠤᠭᠤᠯᠬᠤ ᠲᠥᠷᠥᠯ ᠵᠦᠢᠯ᠂ ᠥᠪᠥᠷ ᠮᠣᠩᠭᠤᠯ ᠤᠨ ᠮᠢᠩ ᠶᠠᠩ ᠯᠦᠩ ᠶᠤᠸᠠᠨ ᠴᠠᠬᠢᠯᠭᠠᠨ ᠬᠦᠴᠦᠨ ᠤ ᠡᠯᠧᠺᠲᠷᠤᠨ ᠬᠢᠵᠠᠭᠠᠷᠲᠤ ᠺᠣᠮᠫᠠᠨᠢ ᠶᠢᠨ ᠡᠨᠧᠷᠭᠢ ᠬᠠᠳᠠᠭᠠᠯᠠᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠬᠠᠮᠢᠶ᠎ᠠ ᠪᠥᠬᠦᠶ ᠲᠥᠷᠥᠯ ᠵᠦᠢᠯ ᠤᠨ ᠡᠵᠡᠩᠨᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃        ᠰᠢᠨᠵᠢᠯᠡᠨ ᠪᠠᠶᠢᠴᠠᠭᠠᠬᠤ ᠳᠤᠮᠳᠠ᠂ ᠲᠥᠯᠥᠭᠡᠯᠡᠭᠴᠢᠳ ᠭᠡᠰᠢᠭᠦᠳ ᠲᠤᠬᠠᠶ ᠶᠢᠨ ᠲᠠᠯᠠᠪᠠᠶ ᠳᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠯᠠᠪᠯᠠᠨ ᠠᠰᠠᠭᠤᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠣᠯᠢᠯᠴᠠᠨ ᠶᠠᠷᠢᠯᠴᠠᠪᠠ᠃ ᠰᠠᠭᠤᠳᠠᠯ ᠤᠨ ᠬᠤᠷᠠᠯ ᠳᠡᠭᠡᠷ᠎ᠡ᠂ ᠲᠥᠯᠥᠭᠡᠯᠡᠭᠴᠢᠳ ᠭᠡᠰᠢᠭᠦᠳ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠭᠡ ᠪᠠ ᠣᠷᠴᠢᠨ ᠲᠣᠭᠤᠷᠢᠨ ᠢ ᠬᠡᠷᠬᠢᠨ ᠬᠠᠩᠭᠠᠬᠤ ᠵᠡᠷᠭᠡ ᠶᠢᠨ ᠲᠣᠭᠤᠷᠢᠨ ᠳᠤ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃        ︽ᠡᠨᠡ ᠤᠳᠠᠭᠠᠨ ᠤ ᠬᠠᠮᠲᠤ ᠶᠢᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠮᠠᠨ ᠤ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠭᠦᠢᠴᠡᠳᠭᠡᠬᠦ ᠳᠤ ᠮᠠᠰᠢ ᠰᠠᠶᠢᠨ ᠲᠠᠪᠴᠠᠩ ᠬᠠᠩᠭᠠᠵᠤ᠂ ᠪᠢᠳᠡᠨ ᠢ ᠭᠤᠤᠯ ᠬᠠᠷᠢᠭᠤᠴᠠᠯᠭ᠎ᠠ ᠭᠤᠤᠯ ᠠᠵᠢᠯ ᠪᠠ ᠪᠥᠬᠦ ᠬᠤᠲᠠ ᠶᠢᠨ ᠭᠤᠤᠯᠳᠠᠯᠭ᠎ᠠ ᠪᠣᠯᠬᠤ ᠠᠵᠢᠯ ᠳᠤ ᠨᠠᠩ ᠰᠠᠶᠢᠲᠤᠷ ᠠᠩᠬᠠᠷᠤᠯ ᠢᠶᠠᠨ ᠲᠦᠪᠯᠡᠷᠡᠭᠦᠯᠬᠦ ᠪᠣᠯᠤᠨ᠎ᠠ ᠃ ᠪᠢᠳᠡᠨ ᠤ ᠲᠥᠯᠥᠭᠡᠯᠡᠭᠴᠢ ᠶᠢᠨ ᠬᠤᠪᠢ ᠠᠴᠠ ᠠᠪᠴᠤ ᠶᠠᠷᠢᠪᠠᠯ ᠂ ᠬᠠᠷᠠᠭ᠎ᠠ ᠪᠠᠨ ᠥᠷᠭᠡᠳᠬᠡᠨ᠂ ᠪᠢᠳᠡᠨ ᠢ ᠪᠥᠬᠦ ᠬᠤᠲᠠ ᠶᠢᠨ ᠬᠠᠷᠠᠭᠠᠰᠤ ᠠᠴᠠ ᠲᠠᠷᠠᠭᠠᠴᠢ ᠶᠢᠨ ᠠᠯᠬᠤᠮ ᠤᠨ ᠮᠠᠨ ᠤ ᠬᠤᠲᠠ ᠶᠢᠨ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠪᠣᠯᠬᠤ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠯᠭᠠᠨ᠎ᠠ ︾ ᠭᠡᠵᠦ ᠬᠤᠲᠠ ᠶᠢᠨ ᠨᠠᠮ ᠤᠨ ᠲᠥᠯᠥᠭᠡᠯᠡᠭᠴᠢ᠂ ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠩ ᠲᠦᠩ ᠬᠡᠯᠡᠪᠡ᠃        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠬᠤᠤ ᠹᠧᠩ ᠪᠣᠯᠣᠳ ᠪᠦᠲᠦᠴᠡ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠧᠩ ᠬᠤᠩ ᠹᠧᠨ᠂ ᠡᠯ᠎ᠡ ᠲᠥᠷᠥᠯ ᠵᠦᠢᠯ ᠬᠥᠷ ᠬᠥᠭᠵᠢᠶᠡᠨ ᠲᠠᠢ ᠶᠠᠪᠤᠭᠳᠠᠵᠤ᠂ ᠠᠵᠤ ᠠᠬᠤᠶᠢᠯᠠᠯ ᠠᠮᠢᠵᠢᠷᠠᠯ ᠤᠨ ᠬᠦᠴᠦᠨ ᠢᠶᠠᠷ  ᠪᠢᠯᠬᠠᠬᠤ ᠶᠢ  ᠦᠵᠡᠭᠡᠳ ︽ᠨᠠᠩ ᠣᠯᠠᠨ ᠰᠢᠯᠢᠳᠡᠭ ᠤᠶᠤᠲᠠᠳ ᠢ ᠮᠠᠨ ᠤ ᠪᠤᠭᠤᠲᠤ ᠳᠤ ᠦᠯᠡᠳᠡᠭᠡᠵᠦ᠂ ᠠᠵᠤ ᠠᠬᠤᠶᠢᠯᠠᠯ ᠳᠤ ᠦᠯᠡᠳᠡᠭᠡᠵᠦ᠂ ᠪᠤᠭᠤᠲᠤ ᠶᠢᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︾ ᠭᠡᠵᠦ ᠢᠯᠡᠷᠬᠡᠶᠢᠯᠡᠪᠡ ᠃        ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠪᠤᠭᠤᠲᠤ ᠬᠤᠳᠠ ᠶᠢᠨ ᠰᠠᠢ ᠪᠧᠢ ᠮᠠᠰᠢᠨ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠸᠠᠩ ᠪᠢᠨ᠄ ︽ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠨᠢ ᠰᠢᠨ᠎ᠡ ᠡᠨᠧᠷᠭᠢ ᠪᠣᠯᠤᠨ ᠪᠣᠬᠢᠷᠲᠤᠯ ᠦᠭᠡᠢ ᠡᠨᠧᠷᠭᠢ ᠶᠢᠨ ᠦᠢᠯᠡᠳᠭᠡᠯ ᠪᠣᠯ ︿ᠬᠤᠣᠰ ᠨᠡᠭᠦᠷᠡᠰᠦᠲᠥ᠋ᠷᠥᠭᠴᠢ﹀ ᠶᠢᠨ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠠᠵᠤ ᠦᠢᠯᠡᠰ ᠤᠨ ᠲᠡᠰ ᠳᠡᠪᠰᠢᠬᠦ ᠬᠠᠲᠠᠭᠤ ᠶᠠᠰᠤ ᠪᠣᠯᠬᠤ ᠶᠢ ᠭᠦᠨᠵᠡᠭᠡᠢ ᠲᠠᠨᠢᠵᠤ ᠤᠯᠪᠠ᠃ ᠵᠥᠪᠬᠡᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠲᠤᠯᠭᠠᠭᠤᠷᠢᠯᠠᠯ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠪᠠᠲᠤᠯᠠᠭ᠎ᠠ ᠪᠣᠯᠭᠠᠪᠠᠯ ᠰᠠᠶ᠋ᠢ ᠡᠳᠡᠭᠡᠷ ᠲᠦᠷᠦᠯ ᠵᠦᠢᠯ ᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠳᠠᠬᠤ ᠪᠣᠬᠢᠷᠲᠤᠯ ᠦᠭᠡᠢ ᠬᠥᠳᠡᠯᠭᠡᠭᠦᠷ ᠪᠣᠯᠭᠠᠵᠤ ᠴᠢᠳᠠᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠦᠢᠯᠡᠴᠢᠯᠡᠭᠡᠨ ᠤ ᠤᠬᠠᠮᠰᠠᠷ ᠪᠣᠯᠤᠨ ᠲᠤᠰᠬᠠᠢ ᠮᠡᠷᠭᠡᠵᠢᠯ ᠤᠨ ᠴᠢᠳᠠᠪᠤᠷᠢ ᠪᠠᠨ ᠨᠡᠩ ᠴᠢᠩᠭᠠᠳᠬᠠᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠡᠯᠧᠮᠧᠨ᠋ᠲ ᠤᠨ ᠪᠠᠲᠤᠯᠠᠭ᠎ᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠭᠤᠭᠴᠤᠭ᠎ᠠ ᠳᠤ ᠣᠨᠤᠪᠴᠢᠲᠠᠢ ᠬᠦᠴᠦᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠤ ᠠᠬᠤᠢ ᠪᠣᠯᠤᠨ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ︾ ᠭᠡᠪᠡ ᠃ 
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号