4 ᠳ᠋ᠦ᠋ᠭᠡᠷ ᠰᠠᠷ᠎ᠠ ᠶᠢᠨ 25 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠶ ᠪᠦᠯᠬᠦᠮ ᠳᠠᠭᠠᠭᠤᠯᠤᠨ ᠰᠢᠨ᠎ᠡ ᠲᠣᠭᠤᠷᠢᠭ ᠤᠨ | ᠬᠡᠰᠡᠭ ᠲᠣᠭᠤᠷᠢᠭ ᠤᠨ ᠡᠮᠴᠢᠯᠡᠭᠡᠨ ᠤ ᠪᠠᠶᠢᠳᠠᠯ ᠳᠤ ᠲᠤᠰᠬᠠᠶ ᠬᠢᠨᠠᠯᠲᠠ ᠲᠠᠯᠪᠢᠪᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢ | ᠴᠢᠶᠣᠤ ᠯᠢᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠳ᠋ᠦ᠋ ᠲᠢᠶᠧ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ | ᠣᠷᠣᠯᠴᠠᠵᠠᠶ᠃ | ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ ᠤᠨ ᠬᠢᠨ ᠤᠷᠢᠳ ᠬᠤᠵᠢᠳ ᠰᠢᠭᠤᠶᠢᠲᠤ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠳ᠋ᠠ ᠮᠢᠶᠣᠣ ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠠᠰᠤᠭ ᠵᠡᠷᠭᠡ ᠭᠠᠵᠠᠷ ᠲᠤ ᠬᠦᠷᠴᠦ᠂ ︽ | ᠪᠠᠶᠢᠴᠠᠭᠠᠬᠤ᠂ ᠦᠵᠡᠬᠦ᠂ ᠠᠰᠠᠭᠤᠬᠤ᠂ ᠰᠤᠷᠭᠠᠬᠤ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠮ | ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠡᠮ ᠡᠮᠨᠡᠯᠭᠡ ᠶᠢᠨ ᠰᠦᠢᠳᠬᠡᠯ | ᠬᠤᠷᠢᠶᠠᠬᠤ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠡᠮ ᠤᠨ ᠵᠦᠢᠯ ᠤᠨ ᠬᠠᠮᠢᠶᠠᠷᠤᠯᠲᠠ᠂ | ᠠᠵᠢᠯᠲᠠᠨ ᠵᠢᠴᠢ ᠡᠮ ᠡᠮᠨᠡᠯᠭᠡ ᠶᠢᠨ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ | ᠬᠤᠯᠪᠤᠭᠠᠯᠠᠨ ᠬᠦᠳᠡᠯᠦᠯᠴᠡᠵᠦ ᠬᠢᠨᠠᠯᠲᠠ ᠲᠠᠯᠪᠢᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ ᠲᠤᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠨᠡᠯᠭᠡ ᠶᠢᠨ ᠬᠤᠷᠢᠶ᠎ᠠ ᠵᠢᠴᠢ ᠡᠯ᠎ᠡ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠡᠮᠨᠡᠯᠭᠡ ᠶᠢᠨ | ᠬᠤᠷᠢᠶᠠᠨ ᠤ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ | ᠡᠮᠨᠡᠯᠭᠡ ᠶᠢᠨ ᠬᠤᠷᠢᠶᠠᠨ ᠤ ᠲᠠᠰ ᠳᠡᠪᠰᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠪᠠ᠃ | ᠵᠠᠩ ᠬᠠᠢ᠂ ᠲᠤᠰ ᠤᠳᠠᠭ᠎ᠠ ᠶᠢᠨ ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠪᠣᠯ ᠡᠮᠴᠢᠯᠡᠭᠡᠨ ᠤ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠦᠢᠯᠡᠳᠦᠯᠭᠡ ᠪᠣᠯᠤᠨ᠎ᠠ᠂ ᠰᠠᠯᠠᠭ᠎ᠠ ᠮᠥᠴᠢᠷ ᠤᠨ | ᠪᠠᠬᠢᠯᠡᠯᠲᠡ ᠶᠢ ᠡᠪᠳᠡᠵᠦ᠂ ᠬᠡᠯᠪᠡᠷᠢᠴᠢ ᠦᠵᠡᠯ ᠢ ᠲᠡᠪᠴᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠨᠢᠭᠡᠳᠦᠯᠲᠡᠢ ᠲᠦᠯᠦᠪᠯᠡᠨ ᠵᠣᠬᠢᠴᠠᠭᠤᠯᠬᠤ᠂ ᠤᠯᠠᠨ ᠡᠮᠨᠡᠯᠭᠡ ᠶᠢᠨ ᠬᠤᠷᠢᠶ᠎ᠠ ᠬᠠᠮᠵᠢᠯᠴᠠᠨ | ᠬᠥᠳᠡᠯᠦᠯᠴᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠶᠠᠪᠤᠴᠠ ᠳᠤ ᠦᠷ᠎ᠡ ᠪᠦᠲᠦᠮᠵᠢ ᠶᠢ | ᠬᠢᠨᠠᠨ ᠰᠢᠯᠭᠠᠬᠤ ︽ᠨᠢᠭᠡ ᠬᠥᠯᠭᠡ ᠰᠢᠳᠠᠷ᠎ᠠ︾ ᠶᠢᠨ ᠪᠠᠶᠢᠷᠢᠰᠢᠯ ᠢ ᠪᠠᠶᠢᠭᠤᠯᠵᠤ᠂ ᠬᠤᠶᠢᠰᠢᠳᠠ ᠶᠢᠨ ᠬᠢᠨᠠᠯᠲᠠ | ᠲᠠᠯᠪᠢᠬᠤ ᠠᠵᠢᠯ ᠳᠤ ︽ᠬᠡᠪ ᠳᠠᠭᠤᠷᠢᠶᠠᠯ ᠪᠤᠯᠵᠤ᠂ ᠬᠡᠪ ᠳᠠᠭᠤᠷᠢᠶᠠᠯ ᠢ ᠪᠤᠢ ᠪᠣᠯᠭᠠᠬᠤ︾ ᠬᠡᠷᠡᠭᠲᠡᠢ᠃ ᠵᠠᠰᠠᠭ ᠤᠨ | ᠣᠷᠳᠣᠨ ᠤ ᠣᠷᠣᠭᠤᠯᠤᠯᠲᠠ ᠪᠣᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠡᠩᠴᠡᠭᠦᠷᠢᠰᠢᠭᠦᠯᠵᠦ᠂ | ᠡᠳ᠋ ᠤᠨ ᠵᠠᠰᠠᠭ ᠤᠨ ᠪᠡᠯᠡ ᠮᠥᠩᠭᠦ ᠶᠢ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ︔ | ᠲᠣᠰ ᠭᠠᠵᠠᠷ ᠤᠨ ᠦᠢᠯᠡᠴᠢᠯᠡᠭᠡ ᠪᠣᠯᠤᠨ ᠭᠠᠳᠠᠭᠠᠳᠤ ᠯᠤᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠶ | ᠲᠦᠯᠦᠪᠯᠡᠵᠦ ᠂ ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠬᠡᠷᠡᠭᠲᠡᠶ︔ ᠳᠣᠲᠣᠭᠠᠳᠤ ᠭᠠᠳᠠᠭᠠᠳᠤ ᠤᠬᠠᠭᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ | ᠬᠡᠷ ᠤᠨ ᠡᠭᠦᠳᠡᠨ ᠳᠠᠬᠢ ᠰᠠᠶᠢᠨ ᠡᠮᠨᠡᠯᠭᠡ ᠶᠢᠨ ᠬᠤᠷᠢᠶ᠎ᠠ︾ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ︔ | ᠲᠣᠭᠤᠷᠢᠨ ᠡᠮᠨᠡᠬᠦ ᠰᠠᠭᠤᠵᠤ ᠣᠨᠣᠰᠢᠯᠠᠬᠤ ᠲᠣᠭᠲᠠᠴᠠ ᠶᠢ ᠰᠢᠯᠢᠳᠡᠭᠵᠢᠭᠦᠯᠵᠦ᠂ ︽ᠰᠢᠨ᠎ᠡ ᠴᠠᠭ ᠦᠶ᠎ᠡ ᠶᠢᠨ ᠬᠥᠯ | ᠨᠢᠴᠦᠬᠦᠨ ᠡᠮᠴᠢ︾ ᠪᠣᠯᠬᠤ ᠬᠡᠷᠡᠭᠲᠡᠶ᠃ ᠬᠠᠮᠢᠶᠠᠷᠤᠯᠲᠠ ᠶᠢᠨ ᠵᠠᠭᠪᠤᠷ᠂ ᠡᠩᠨᠡᠭᠡᠨ ᠤ ᠪᠠᠶᠢᠭᠤᠯᠤᠯᠲᠠ᠂ | ᠪᠠᠶᠢᠭᠤᠯᠤᠮᠵᠢ ᠲᠣᠭᠲᠠᠴᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠵᠣᠷᠢᠭᠲᠠᠢ ᠪᠠᠷ | ᠰᠢᠨ᠎ᠡ ᠶᠢ ᠡᠭᠦᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠡᠮᠨᠡᠯᠭᠡ ᠶᠢᠨ | ᠬᠤᠷᠢᠶᠠᠨ ᠤ ᠣᠨᠣᠰᠢᠯᠠᠨ ᠡᠮᠨᠡᠬᠦ ᠲᠦᠪᠰᠢᠨ ᠪᠣᠯᠤᠨ ᠦᠢᠯᠡᠴᠢᠯᠡᠭᠡᠨ ᠤ ᠲᠦᠪᠰᠢᠨ ᠢᠶᠠᠨ ᠪᠦᠲᠦᠮᠵᠢᠲᠡᠢ | ᠳᠡᠭᠡᠭᠰᠢᠯᠡᠭᠦᠯᠬᠦ ᠶᠢ ᠠᠬᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠨᠡᠩ ᠰᠠᠨᠠᠭ᠎ᠠ ᠠᠮᠤᠷ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | |