ᠪᠦᠬᠦ ᠳᠤᠭᠤᠶᠢᠯᠠᠩ ᠢ ᠴᠢᠩᠭ᠎ᠠ ᠠᠳᠬᠤᠨ ᠵᠢᠷᠤᠮᠵᠢᠯ ᠢ ᠠᠬᠢᠭᠤᠯᠵᠤ᠂ ᠡᠷᠦᠬᠡ ᠶᠢᠨ ᠴᠡᠷᠢᠭ ᠢ ᠲᠣᠭᠠᠯᠠᠨ ᠰᠢᠯᠭᠠᠵᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/6/1
        ᠡᠷᠦᠬᠡ ᠶᠢᠨ ᠴᠡᠷᠢᠭ ᠤᠨ ᠡᠩᠨᠡᠭᠡᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 28 ᠤ ᠡᠳᠦᠷ᠂ ᠰᠢᠭᠤᠶᠢᠲᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠦᠬᠦ ᠲᠤᠭᠤᠷᠢᠭ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠠᠷᠢᠶ᠎ᠠ ᠲᠣᠭᠤᠷᠢᠭ ᠤᠨ ᠢᠶᠠᠨ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠡᠷᠦᠭᠡ ᠶᠢᠨ ᠴᠡᠷᠢᠭ ᠤᠨ ᠲᠣᠭᠠᠯᠠᠨ ᠰᠢᠯᠭᠠᠬᠤ ᠠᠵᠢᠯᠯᠠᠭ᠎ᠠ ᠳᠤ ᠣᠷᠣᠯᠴᠠᠭᠤᠯᠪᠠ᠃        ᠲᠤᠬᠠᠶ ᠶᠢᠨ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠵᠡᠭᠡᠯᠢ ᠭᠤᠳᠤᠮᠵᠢ ᠶᠢᠨ ᠪᠥᠬᠦ ᠡᠷᠦᠬᠡ ᠶᠢᠨ ᠴᠡᠷᠢᠭ ᠨᠢᠭᠡᠳᠦᠯᠲᠡᠶ ᠴᠡᠷᠢᠭ ᠤᠨ ᠬᠤᠪᠴᠠᠰᠤ ᠡᠮᠦᠰᠴᠦ᠂ ᠴᠡᠷᠢᠭ ᠤᠨ ᠳᠦᠷᠢ ᠲᠥᠷᠬᠦ ᠪᠠᠷ ᠲᠥᠪ ᠴᠢᠩᠭ᠎ᠠᠪᠠᠶᠢᠵᠤ᠂ ᠴᠤᠭ ᠪᠠᠳᠠᠷᠠᠩᠭᠤᠶ ᠳᠦᠷᠢ ᠲᠥᠷᠬᠦ ᠪᠠᠷ ᠤᠭᠲᠤᠨ ᠠᠪᠴᠤ᠂ ᠰᠠᠶᠢᠨ ᠰᠠᠶᠢᠬᠠᠨ ᠬᠡᠪ ᠪᠣᠯᠪᠠᠰᠤᠷᠠᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
图片3.png
        ᠲᠣᠰ ᠤᠳᠠᠭᠠᠨ ᠤ ᠲᠣᠭᠠᠯᠠᠨ ᠰᠢᠯᠭᠠᠬᠤ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠰᠢᠭᠤᠶᠢᠲᠤ ᠵᠡᠭᠡᠯᠢ ᠭᠤᠳᠤᠮᠵᠢ ᠶᠢᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠣᠷᠣᠯᠴᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠦᠵᠡᠭᠦᠯᠦᠭᠰᠡᠨ ᠴᠢᠬᠤᠯᠠ ᠦᠢᠯᠡᠳᠦᠯ ᠵᠢᠴᠢ ᠣᠯᠤᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠪᠠ᠃ ᠡᠭᠦᠨ ᠤ ᠬᠠᠮᠲᠤ ᠪᠥᠬᠦ ᠡᠷᠦᠬᠡ ᠶᠢᠨ ᠴᠡᠷᠢᠭ ᠲᠤ ᠴᠢᠩ ᠰᠡᠳᠬᠢᠯ ᠤᠨ ᠬᠦᠰᠡᠯ ᠡᠷᠡᠮᠡᠯᠵᠡᠯᠳᠤᠷᠠᠳᠴᠤ᠂ ᠪᠥᠬᠦ ᠡᠷᠦᠬᠡ ᠶᠢᠨ ᠴᠡᠷᠢᠭ ᠲᠣᠰ ᠤᠳᠠᠭᠠᠨ ᠤ ᠲᠤᠷᠰᠢᠯᠲᠠ ᠪᠠᠷ ᠠᠵᠠ ᠲᠣᠬᠢᠶᠠᠯ ᠪᠣᠯᠭᠠᠨ᠂ ᠲᠣᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠠᠭ ᠢᠮᠠᠭᠲᠠ ᠪᠠᠶᠢᠯᠳᠤᠬᠤ ᠪᠣᠳᠣᠯᠭ᠎ᠠ ᠶᠢᠨ ᠰᠣᠨᠣᠷ ᠰᠡᠷᠡᠮᠵᠢ ᠲᠠᠢ ᠪᠠᠶᠢᠵᠤ᠂ ᠡᠳᠦᠷ ᠲᠤᠲᠤᠮ ᠤᠨ ᠪᠣᠯᠪᠠᠰᠤᠷᠠᠯ ᠢᠶᠠᠨ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠥᠷᠥᠯ ᠤᠨ ᠭᠡᠨᠡᠳᠲᠡ ᠶᠢᠨ ᠪᠠᠶᠢᠳᠠᠯ ᠤᠨ ᠡᠮᠦᠨ᠎ᠡ ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ᠂ ᠢᠯᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠲᠤᠰ ᠤᠳᠠᠭᠠᠨ ᠤ ᠲᠣᠭᠠᠯᠠᠨ ᠰᠢᠯᠭᠠᠬᠤ ᠦᠷ᠎ᠡ ᠪᠦᠲᠦᠭᠡᠯ ᠢᠶᠠᠷ ᠭᠠᠷᠤᠭ᠎ᠠ ᠪᠣᠯᠭᠠᠵᠤ᠂ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠤᠨ ᠪᠣᠳᠠᠲᠤ ᠪᠠᠶᠢᠯᠳᠤᠭᠠᠨᠴᠢᠯᠠᠭᠰᠠᠨ ᠰᠣᠷᠢᠯᠲᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠷᠦᠭᠡ ᠶᠢᠨ ᠴᠡᠷᠢᠭ ᠤᠨ ᠴᠡᠷᠢᠭ ᠤᠨ ᠶᠠᠪᠤᠳᠠᠯ ᠤᠨ ᠤᠷ᠎ᠠ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠵᠡᠭᠡᠯᠢ ᠭᠤᠳᠤᠮᠵᠢ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠣᠷᠣᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号