ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠰᠢᠭᠤᠶᠢᠲᠤ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢ ᠲᠤᠭᠤᠰᠢᠯᠠᠭᠤᠯᠬᠤ ᠲᠤᠬᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/6/1
        ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠰᠢᠭᠤᠶᠢᠲᠤ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢ ᠲᠤᠭᠤᠰᠢᠯᠠᠭᠤᠯᠬᠤ ᠲᠤᠬᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                ᠰᠢᠭᠤᠶᠢᠲᠤ ᠵᠠᠰᠠᠭ ᠲᠠᠷᠬᠠᠭᠠᠭᠰᠠᠨ ﹇2025﹈ 13 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ︽ᠰᠢᠭᠤᠶᠢᠲᠤ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢ ᠲᠤᠭᠤᠰᠢᠯᠠᠭᠤᠯᠬᠤ ᠲᠤᠬᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                2025 ᠣᠨ ᠤ 5 ᠳ᠋ᠤᠭᠠᠷ ᠰᠠᠷ᠎ᠠ ᠶᠢᠨ 20 ᠤ ᠡᠳᠦᠷ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶           ᠰᠢᠭᠤᠶᠢᠲᠤ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢ ᠲᠤᠭᠤᠰᠢᠯᠠᠭᠤᠯᠬᠤ ᠲᠤᠬᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ        ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ﹇2025﹈ 9 ᠳ᠋ᠤᠭᠡᠷ ᠲᠣᠭᠠᠲᠤ︶ ᠪᠣᠯᠣᠨ ︽ᠪᠤᠭᠤᠲᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ ᠪᠣᠭᠤᠲᠤ ᠵᠠᠰᠠᠭ ᠲᠠᠷᠬᠠᠭᠠᠭᠰᠠᠨ ﹇ 2025﹈ 12 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠶᠢᠨ ᠲᠦᠯᠦᠭᠡ ᠂ ᠮᠠᠨ ᠤ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃        ᠨᠢᠭᠡ᠂ ᠭᠤᠣᠯ ᠬᠠᠷᠠᠯᠲᠠ        2025 ᠣᠨ ᠳᠤ ᠪᠥᠬᠦ ᠲᠣᠭᠤᠷᠢᠭ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 1700 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 30% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 35% ᠪᠠᠷ ᠪᠠᠭᠤᠷᠠᠭᠤᠯᠤᠨ᠎ᠠ᠃ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.71 ᠳᠤ ᠬᠦᠷᠦᠭᠦᠯᠦᠨ᠎ᠡ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠤᠨ ᠤᠰᠤ ᠭᠤᠭᠤᠵᠢᠬᠤ ᠨᠣᠷᠮ᠎ᠠ ᠶᠢ 7% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 45% ᠠᠴᠠ ᠳᠡᠭᠡᠭᠰᠢ ᠳᠤ ᠬᠦᠷᠦᠭᠦᠯᠦᠨ᠎ᠡ︔ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 50 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠪᠦᠬᠦ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠳᠤ ᠢᠯᠡᠷᠬᠡᠶ ᠠᠮᠵᠢᠯᠲᠠ ᠣᠯᠵᠤ᠂ ᠠᠰᠢᠭᠯᠠᠬᠤ ᠦᠷ᠎ᠡ ᠪᠦᠲᠦᠮᠵᠢ ᠪᠣᠯᠤᠨ ᠦᠷ᠎ᠡ ᠠᠰᠢᠭ ᠢ ᠮᠡᠳᠡᠭᠳᠡᠬᠦ᠋ᠢᠴᠡ ᠳᠡᠭᠡᠭᠰᠢᠯᠡᠭᠦᠯᠵᠦ ᠂ ᠨᠡᠶᠢᠭᠡᠮ ᠳᠠᠶᠠᠭᠠᠷ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃        ᠬᠤᠶᠠᠷ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ        ︵ᠨᠢᠭᠡ︶ ᠬᠠᠲᠠᠭᠤ ᠬᠢᠵᠠᠭᠠᠷᠯᠠᠯ ᠢ ᠴᠢᠩᠭᠠᠳᠬᠠᠨ᠎ᠠ ᠃ ᠤᠰᠤ ᠬᠤᠷᠣᠭᠳᠠᠭᠤᠯᠬᠤ ᠬᠡᠮᠵᠢᠶ᠎ᠡ ᠪᠠᠷ ᠶᠡᠭᠡ ᠠᠵᠤ ᠦᠢᠯᠡᠳᠪᠦᠷᠢ᠂ ᠲᠠᠷᠢᠶᠠᠯᠠᠩ ᠪᠣᠯᠤᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠤᠰᠤ ᠲᠠᠲᠠᠵᠤ ᠬᠡᠷᠡᠭᠯᠡᠬᠦ ᠲᠥᠷᠥᠯ ᠵᠦᠢᠯ ᠢ ᠠᠳᠠᠯᠢ ᠠᠵᠢᠯ ᠲᠥᠷᠥᠯ ᠤᠨ ᠲᠡᠷᠢᠭᠦᠨ ᠤ ᠤᠰᠤ ᠬᠡᠷᠡᠭᠯᠡᠬᠦ ᠬᠢᠷᠢ ᠬᠡᠮᠵᠢᠶ᠎ᠡ ᠳᠤ ᠬᠦᠷᠦᠭᠦᠯᠵᠦ᠂ ᠤᠰᠤ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠭᠤᠨ᠎ᠠ ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠬᠤᠯᠪᠣᠭᠳᠠᠬᠤ ᠠᠵᠤ ᠦᠢᠯᠡᠳᠪᠦᠷᠢ᠂ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ ᠡᠪᠡᠰᠦᠨ ᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ᠂ ᠵᠢᠭᠤᠯᠴᠢᠯᠠᠯ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠬᠦ ᠵᠡᠷᠭᠡ ᠲᠤᠰᠬᠠᠶ ᠲᠥᠯᠥᠪᠵᠢᠭᠦᠯᠭᠡ ᠂ ᠡᠷᠬᠡᠪᠰᠢ ᠤᠰᠤᠨ ᠤ ᠡᠬᠢ ᠪᠠᠶᠠᠯᠢᠭ ᠢ ᠨᠤᠲᠠᠯᠠᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠭᠤᠶᠢᠲᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶        ︵ᠬᠤᠶᠠᠷ︶ ᠤᠰᠤ ᠠᠷᠪᠢᠯᠠᠬᠤ ᠬᠢᠵᠠᠭᠠᠷᠯᠠᠯ ᠤᠨ ᠴᠢᠨᠠᠷᠲᠠᠶ ᠭᠦᠢᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠳᠬᠠᠨ᠎ᠠ ᠃ ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠳᠠᠲᠠᠶ ᠠᠵᠢᠯ ᠲᠥᠷᠥᠯ ᠪᠠ ᠤᠰᠤ ᠬᠡᠷᠡᠭᠯᠡᠬᠦ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠠᠷᠠᠯᠲᠠ ᠶᠢ ᠪᠡᠶᠡᠯᠡᠭᠦᠯᠬᠦ ᠶᠢ ᠦᠨᠡᠨ  ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ ᠄ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶        ︵ᠭᠤᠷᠪᠠ︶ ᠤᠰᠤ ᠬᠡᠷᠡᠭᠯᠡᠬᠦ ᠬᠡᠮᠵᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠤᠭᠰᠠᠷᠠᠪᠠᠯ ᠵᠣᠬᠢᠬᠤ ᠶᠢ ᠨᠢ ᠪᠦᠬᠦᠨ ᠢ ᠤᠭᠰᠠᠷᠠᠵᠤ ᠂ ᠬᠡᠮᠵᠢᠪᠡᠯ ᠵᠣᠬᠢᠬᠤ ᠶᠢ ᠨᠢ ᠪᠦᠬᠦᠨ ᠢ ᠬᠡᠮᠵᠢᠬᠦ︾ ᠱᠠᠭᠠᠷᠳᠠᠯᠭ᠎ᠠ ᠶᠣᠰᠣᠭᠠᠷ᠂ ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ ᠤᠰᠤ ᠶᠢ ᠪᠣᠳᠤᠬᠤ ︾ ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ︔ ᠵᠢᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ  ᠨᠢ 5000 ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠡᠷᠦᠬᠡ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠪᠡᠯᠡᠳᠬᠡᠮᠵᠢ ᠶᠢ ᠤᠭᠰᠠᠷᠠᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠬᠢᠨᠠᠨ ᠬᠡᠮᠵᠢᠵᠦ ᠬᠢᠨᠠᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠲᠥᠪᠯᠡᠷᠡᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠲᠦᠷᠪᠡ︶ ᠤᠰᠤ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠴᠢᠩᠭ᠎ᠠ ᠨᠠᠶᠢᠳᠠᠪᠤᠷᠢᠵᠢᠭᠤᠯᠤᠨ᠎ᠠ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠠᠷᠪᠠᠨ ᠵᠢᠷᠭᠤᠳᠤᠭᠠᠷ ᠵᠦᠢᠯ ᠤᠨ ︽ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠬᠡᠨ ᠪᠠᠶᠢᠭᠤᠯᠵᠤ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ᠂ ᠪᠣᠯᠣᠳ ᠲᠡᠮᠦᠷ᠂ ᠨᠡᠬᠡᠮᠡᠯ᠂ ᠴᠠᠭᠠᠰᠤ᠂ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠂ ᠨᠢᠭᠡᠨᠲᠡ ᠪᠠᠶᠢᠭᠤᠯᠤᠭᠰᠠᠨ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠳᠣᠤᠷᠠᠬᠢ ᠤᠰᠤ ᠶᠢ ᠬᠡᠷᠡᠭᠯᠡᠵᠦ ᠪᠠᠶᠢᠪᠠᠯ᠂ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ ᠃ ᠨᠥᠬᠦᠴᠡᠯ ᠲᠠᠢ ᠨᠢ ᠭᠠᠵᠠᠷ ᠳᠣᠤᠷᠠᠬᠢ ᠤᠰᠤᠨ ᠤ ᠡᠬᠢ ᠰᠤᠷᠪᠤᠯᠵᠢ ᠶᠢ ᠬᠡᠪ ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠳᠡᠭᠡᠷᠡᠬᠢ ᠤᠰᠤᠨ ᠰᠤᠷᠪᠤᠯᠵᠢ ᠪᠣᠯᠭᠠᠨ ᠰᠣᠯᠢᠨ᠎ᠠ᠃ ᠤᠰᠤᠨ ᠤ ᠴᠢᠨᠠᠷ ᠲᠤ  ᠣᠨᠴᠠᠭᠠᠢ  ᠱᠠᠭᠠᠷᠳᠠᠯᠭ᠎ᠠ ᠲᠠᠢ ᠢᠳᠡᠭᠡᠨ᠂ ᠡᠮ ᠤᠨ ᠵᠦᠢᠯ ᠵᠡᠷᠭᠡ ᠠᠵᠤ ᠦᠢᠯᠡᠳᠪᠦᠷᠢ ᠶᠢᠨ ᠲᠥᠷᠥᠯ ᠵᠦᠢᠯ ᠪᠤᠶᠤ ᠪᠣᠰᠤᠳ ᠤᠰᠤᠨ ᠰᠤᠷᠪᠤᠯᠵᠢ ᠶᠢᠨ ᠤᠰᠤ ᠬᠠᠩᠭᠠᠬᠤ ᠪᠤᠰᠤᠳ ᠨᠥᠬᠦᠴᠡᠯ ᠢ ᠪᠦᠷᠢᠯᠳᠦᠭᠦᠯᠦᠭᠡᠳᠦᠶ ᠪᠤᠰᠤᠳ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠭᠠᠵᠠᠷ ᠳᠣᠤᠷᠠᠬᠢ ᠤᠰᠤ ᠶᠢ ᠬᠠᠤᠯᠢ ᠶᠣᠰᠣᠭᠠᠷ ᠲᠠᠲᠠᠵᠤ ᠬᠡᠷᠡᠭᠯᠡᠵᠦ ᠪᠣᠯᠤᠨ᠎ᠠ︾ ᠭᠡᠰᠡᠨ ᠲᠣᠭᠲᠠᠭᠠᠯ ᠶᠣᠰᠤᠭᠠᠷ ᠭᠠᠵᠠᠷ ᠳᠣᠤᠷᠠᠬᠢ ᠤᠰᠤ ᠶᠢ ᠴᠣᠬᠤᠯᠪᠣᠷᠢᠯᠠᠵᠤ ᠪᠣᠯᠤᠨ᠎ᠠ᠃ ᠬᠦᠷᠢᠶᠡᠯᠡᠩ ᠲᠣᠭᠤᠷᠢᠭ ᠤᠨ ᠬᠡᠪᠴᠢᠶᠡᠨ ᠠᠴᠠ ᠭᠠᠳᠠᠨ᠎ᠠ ᠬᠤᠭᠤᠯᠠᠶ  ᠭᠤᠤᠷᠰᠤ ᠶᠢᠨ ᠲᠣᠤᠷ ᠢ ᠪᠦᠷᠬᠦᠭᠰᠡᠨ ᠣᠷᠣᠨ ᠪᠦᠰᠡ ᠪᠠᠶᠢᠬᠤ ᠦᠭᠡᠢ ᠪᠣᠯ ᠭᠠᠵᠠᠷ ᠳᠣᠤᠷᠠᠬᠢ ᠤᠰᠤ ᠪᠠ ᠭᠠᠵᠠᠷ ᠳᠡᠭᠡᠷᠡᠬᠢ ᠤᠰᠤ ᠶᠢ ᠴᠣᠬᠤᠯᠠᠪᠤᠷᠢᠯᠠᠵᠤ ᠪᠣᠯᠤᠨ᠎ᠠ ᠂ ᠬᠦᠷᠢᠶᠡᠯᠡᠩ ᠲᠣᠭᠤᠷᠢᠭ ᠤᠨ ᠬᠡᠪᠴᠢᠶᠡᠨ ᠳᠣᠲᠣᠷ᠎ᠠ ᠬᠤᠭᠤᠯᠠᠶ ᠭᠤᠤᠷᠰᠤ ᠶᠢᠨ ᠲᠣᠤᠷ ᠤᠨ ᠪᠦᠷᠬᠦᠴᠡ ᠶᠢᠨ ᠣᠷᠣᠨ ᠪᠦᠰᠡ ᠪᠠᠶᠢᠪᠠᠯ ᠵᠠᠷᠴᠢᠮ ᠳᠡᠭᠡᠷ᠎ᠡ ᠪᠠᠨ ᠳᠠᠬᠢᠯᠲᠠ ᠤᠰᠤ ᠲᠣᠬᠢᠷᠠᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ︶        ︵ᠲᠠᠪᠤ ︶ ᠲᠦᠯᠦᠪᠯᠡᠭᠡ ᠲᠠᠢ ᠪᠠᠷ ᠤᠰᠤ ᠬᠡᠷᠡᠭᠯᠡᠬᠦ ᠶᠢ ᠴᠢᠩᠭᠠᠳᠬᠠᠨ᠎ᠠ᠃ ᠤᠰᠤ ᠬᠡᠷᠡᠭᠯᠡᠬᠦ ᠲᠥᠯᠥᠪᠯᠡᠭᠡ ᠶᠢ ᠴᠢᠩᠭ᠎ᠠ ᠬᠢᠨᠠᠨ ᠲᠣᠭᠲᠠᠭᠠᠵᠤ ᠪᠠᠭᠤᠯᠭᠠᠨ᠎ᠠ᠃ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠤᠰᠤ ᠬᠡᠷᠡᠭᠯᠡᠬᠦ ᠲᠥᠯᠥᠪᠯᠡᠭᠡ ᠳᠤ ᠤᠰᠤᠨ ᠤ ᠡᠬᠢ ᠪᠠᠶᠠᠯᠢᠭ ᠢ ᠨᠤᠲᠠᠯᠠᠬᠤ ᠪᠤᠶᠤ ᠤᠰᠤ ᠬᠡᠷᠡᠭᠯᠡᠬᠦ ᠵᠦᠢ ᠵᠣᠬᠢᠰᠲᠠᠢ ᠴᠢᠨᠠᠷ ᠢ ᠵᠠᠳᠠᠯᠤᠯᠲᠠ ᠬᠢᠨ᠎ᠡ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠ ᠲᠥᠯᠥᠪᠯᠡᠭᠡ ᠶᠢ ᠬᠡᠷᠡᠭᠵᠢᠭᠦᠯᠬᠦ ᠬᠢᠨᠠᠨ ᠰᠢᠯᠭᠠᠬᠤ ᠶᠢ ᠴᠢᠩᠭᠠᠳᠬᠠᠵᠤ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠲᠥᠯᠥᠪᠯᠡᠭᠡ ᠠᠴᠠ ᠬᠡᠲᠦᠷᠡᠭᠦᠯᠦᠨ ᠤᠰᠤ ᠬᠡᠷᠡᠭᠯᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠵᠦ ᠲᠠᠲᠠᠪᠤᠷᠢᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠵᠢᠷᠭᠤᠭ᠎ᠠ︶ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠃ ᠬᠠᠤᠯᠢ ᠬᠡᠷᠡᠭᠵᠢᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ ᠦᠷᠨᠢᠭᠦᠯᠦᠨ᠎ᠡ ᠃ ᠤᠰᠤ ᠠᠪᠴᠤ ᠬᠡᠷᠡᠭᠯᠡᠬᠦ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶  ᠃        ᠭᠤᠷᠪᠠ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ        ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠵᠦᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠭᠢᠨ ᠬᠠᠷᠠᠬᠤ︾ ᠶᠢ ᠥᠷᠨᠢᠭᠦᠯᠵᠦ᠂ ᠪᠣᠰᠤᠭ᠎ᠠ ᠳᠦᠷᠪᠡᠯᠵᠢᠨ ᠢᠶᠠᠷ ᠰᠦᠢᠳᠬᠡᠯ ᠬᠤᠷᠢᠶᠠᠬᠤ᠂ ᠬᠡᠲᠦᠷᠡᠲᠡᠯ᠎ᠡ ᠬᠡᠷᠡᠭᠯᠡᠬᠦ ᠳᠤ ᠦᠨ᠎ᠡ ᠨᠡᠮᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨ᠎ᠡ ᠨᠡᠮᠡᠵᠦ ᠬᠤᠷᠢᠶᠠᠭᠰᠠᠨ ᠵᠠᠷᠤᠳᠠᠯ ᠢ ᠭᠤᠣᠯᠳᠠᠭᠤ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠥᠭᠡᠷᠡᠴᠢᠯᠡᠯᠲᠡ ᠪᠠ ᠤᠰᠤ ᠠᠷᠪᠢᠯᠠᠬᠤ ᠱᠠᠩᠨᠠᠯ ᠨᠥᠬᠦᠪᠦᠷᠢ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶        ᠳᠥᠷᠪᠡ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠲᠦᠷᠭᠡᠳᠬᠡᠨ ᠠᠬᠢᠭᠤᠯᠤᠨ᠎ᠠ        ︵ᠨᠢᠭᠡ︶ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠠᠷᠪᠢᠯᠠᠬᠤ ᠲᠥᠯᠥᠪᠵᠢᠭᠦᠯᠭᠡ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶        ︵ᠬᠤᠶᠠᠷ︶ ᠭᠤᠤᠯᠳᠠᠯᠭ᠎ᠠ ᠪᠣᠯᠬᠤ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠡᠷᠢᠭᠦᠨ ᠤ ᠪᠣᠯᠪᠠᠰᠤᠷᠠᠩᠭᠤᠶ ᠪᠥᠭᠡᠳ ᠲᠣᠬᠢᠷᠠᠮᠵᠢᠲᠠᠶ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠪᠣᠯᠤᠨ ᠦᠢᠯᠡᠳᠬᠦᠨ ᠢ ᠴᠤᠭᠯᠠᠭᠤᠯᠤᠨ ᠳᠡᠯᠭᠡᠷᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠦᠢᠯᠡᠳᠪᠦᠷᠢ ᠶᠢᠨ ᠬᠦᠷᠢᠶᠡᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠭᠠᠷᠴᠠᠭ ᠢ ᠨᠡᠶᠢᠲᠡᠯᠡᠨ᠎ᠡ︔ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠳᠤ ᠬᠤᠭᠤᠯᠠᠶ ᠭᠤᠤᠷᠰᠤ ᠶᠢᠨ ᠲᠣᠤᠷ ᠢ ᠥᠭᠡᠷᠡᠴᠢᠯᠡᠬᠦ᠂ ᠤᠷᠠᠨ ᠳᠠᠷᠬ᠎ᠠ ᠶᠢ ᠲᠠᠰ ᠳᠡᠪᠰᠢᠭᠦᠯᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ 1 ᠶᠢ ᠪᠡᠶᠡᠯᠡᠭᠦᠯᠬᠦ ᠶᠢ ᠠᠬᠢᠭᠤᠯᠵᠤ᠂ ᠵᠢᠯ ᠤᠨ ᠤᠰᠤ ᠠᠷᠪᠢᠯᠠᠬᠤ ᠴᠢᠳᠠᠪᠤᠷᠢ ᠶᠢ 50 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠠᠯᠭᠠᠨ ᠭᠠᠷᠭᠠᠬᠤ ᠬᠤᠭᠤᠯᠠᠶ ᠭᠤᠤᠷᠰᠤ ᠶᠢᠨ ᠲᠣᠤᠷ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠳᠠᠬᠢᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶        ︵ᠭᠤᠷᠪᠠ︶ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠲᠦᠯᠬᠢᠨ ᠠᠬᠢᠭᠤᠯᠤᠨ᠎ᠠ ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠪᠠ ᠢᠰᠬᠡᠬᠦ ᠵᠡᠷᠭᠡ ᠭᠤᠤᠯᠳᠠᠯᠭ᠎ᠠ ᠲᠠᠢ ᠤᠰᠤ ᠬᠡᠷᠡᠭᠯᠡᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠭᠤᠲᠤ ᠬᠤᠲᠠ ᠶᠢᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 6᠂ ᠪᠤᠭᠤᠲᠤ ᠬᠤᠲᠠ ᠶᠢᠨ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 1 ᠡᠷᠦᠬᠡ ᠶᠢ ᠡᠭᠦᠳᠦᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶        ︵ᠲᠦᠷᠪᠡ︶ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠲᠦᠯᠬᠢᠨ ᠠᠬᠢᠭᠤᠯᠤᠨ᠎ᠠ ᠃ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ᠂ ᠤᠰᠤ ᠶᠢ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠴᠢᠨᠠᠷ ᠬᠤᠪᠢᠶᠠᠨ ᠤᠰᠤ ᠬᠠᠩᠭᠠᠬᠤ᠂ ᠤᠭᠰᠠᠷᠠᠭᠤᠯᠤᠨ ᠤᠰᠤ ᠬᠡᠷᠡᠭᠯᠡᠬᠦ ᠪᠠ ᠡᠷᠭᠢᠯᠳᠦᠭᠦᠯᠦᠨ ᠠᠰᠢᠭᠯᠠᠬᠤ᠂ ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠶᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ ᠲᠣᠭᠲᠠᠯᠴᠠᠭ᠎ᠠ ᠶᠢ ᠲᠥᠪᠯᠡᠷᠡᠭᠦᠯᠦᠨ ᠰᠢᠯᠢᠳᠡᠭᠵᠢᠭᠦᠯᠬᠦ ᠶᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠬᠦᠷᠢᠶᠡᠯᠡᠩ ᠳᠤ ᠰᠠᠭᠤᠭ᠎ᠠ ᠠᠵᠤ ᠠᠬᠤᠶᠢᠯᠠᠯ ᠤᠨ ᠬᠤᠲᠠ ᠶᠢᠨ ᠶᠠᠪᠤᠳᠠᠯ ᠤᠨ ᠳᠠᠬᠢᠯᠲᠠ ᠤᠰᠤᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠯᠦᠭᠡ ᠬᠠᠮᠲᠤᠷᠠᠯᠴᠠᠬᠤ ᠶᠢ ᠠᠬᠢᠭᠤᠯᠵᠤ᠂ ᠬᠤᠭᠤᠯᠠᠶ ᠭᠤᠤᠷᠰᠤ ᠶᠢᠨ ᠲᠣᠤᠷ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠪᠠᠷᠢᠮᠵᠢᠶ᠎ᠠ ᠶᠢ ᠵᠣᠯᠭᠠᠭᠤᠯᠵᠤ᠂ ᠠᠵᠤ ᠦᠢᠯᠡᠳᠪᠦᠷᠢ ᠶᠢᠨ ᠳᠠᠬᠢᠯᠲᠠ ᠤᠰᠤᠨ ᠤ ᠠᠰᠢᠭᠯᠠᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶        ᠲᠠᠪᠤ᠂ ᠬᠤᠲᠠ ᠬᠥᠳᠡᠭᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠤᠨ᠎ᠠ        ︵ᠨᠢᠭᠡ︶ ᠬᠤᠲᠠ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠭᠤᠭᠤᠵᠢᠵᠤ ᠰᠦᠢᠳᠬᠦ ᠶᠢ ᠪᠠᠭᠠᠰᠬᠠᠨ᠎ᠠ ᠃ ᠳ᠋ᠠ ᠹᠠ ᠶᠢᠨ ᠬᠡᠰᠡᠭ ᠪᠠ ᠳ᠋ᠠ ᠽᠢ ᠶᠢᠨ ᠬᠡᠰᠡᠭ ᠤᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠢ ᠲᠠᠰ ᠳᠡᠪᠰᠢᠭᠦᠯᠦᠨ ᠦᠭᠡᠷᠡᠴᠢᠯᠡᠬᠦ ᠶᠢ ᠲᠦᠯᠦᠪᠯᠡᠵᠦ ᠂ ᠤᠰᠤ ᠬᠠᠩᠭᠠᠬᠤ ᠬᠤᠭᠤᠯᠠᠶ ᠭᠤᠤᠷᠰᠤ ᠶᠢᠨ ᠠᠵᠢᠯᠯᠠᠭᠠᠨ ᠤ ᠵᠠᠰᠠᠯᠲᠠ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠭᠤᠭᠤᠵᠢᠵᠤ ᠰᠦᠢᠳᠬᠦ ᠶᠢ ᠪᠠᠭᠠᠰᠬᠠᠨ᠎ᠠ ᠃ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠰᠢᠨᠡᠳᠬᠡᠨ ᠲᠡᠭᠦᠯᠳᠡᠷᠵᠢᠭᠦᠯᠵᠦ᠂ ᠬᠤᠭᠤᠯᠠᠶ ᠭᠤᠤᠷᠰᠤ ᠶᠢᠨ ᠲᠣᠣᠷ ᠢ ᠥᠭᠡᠷᠡᠴᠢᠯᠡᠬᠦ ᠠᠵᠠ ᠲᠣᠬᠢᠶᠠᠯ ᠢ ᠭᠦᠢᠴᠡᠳ ᠠᠰᠢᠭᠯᠠᠨ᠂ ᠪᠠᠷᠤᠭ 200 ᠬᠡᠰᠡᠭ ᠤᠰᠤᠨ ᠤ ᠬᠡᠮᠵᠢᠭᠦᠷ ᠢ ᠤᠭᠰᠠᠷᠠᠵᠤ᠂ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠣᠷ ᠤᠨ ᠲᠣᠭᠤᠷᠢᠭ ᠬᠤᠪᠢᠶᠠᠬᠤ ᠬᠡᠮᠵᠢᠯᠲᠡ ᠶᠢᠨ ᠬᠠᠮᠢᠶᠠᠷᠤᠯᠲᠠ ᠶᠢ ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠪᠠ ᠤᠰᠤ ᠭᠤᠭᠤᠵᠢᠬᠤ ᠶᠢ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠶᠠᠳᠡᠬᠢ ᠤᠳᠠᠭ᠎ᠠ ᠤᠰᠤ ᠬᠠᠩᠭᠠᠬᠤ ᠪᠡᠯᠡᠳᠬᠡᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠬᠠᠰᠢᠯᠭ᠎ᠠ ᠶᠢᠨ ᠬᠥᠭᠡᠷᠭᠡ ᠶᠢᠨ ᠥᠷᠲᠡᠭᠡ ᠶᠢᠨ ᠤᠰᠤ ᠬᠠᠳᠠᠭᠠᠯᠠᠬᠤ ᠴᠥᠭᠦᠷᠥᠮ ᠢ ᠲᠠᠰ ᠳᠡᠪᠰᠢᠭᠦᠯᠦᠨ ᠥᠭᠡᠷᠡᠴᠢᠯᠡᠵᠦ᠂ ᠪᠤᠭᠤᠲᠤ ᠬᠤᠲᠠ ᠶᠢᠨ ᠤᠯᠤᠰ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠤᠨ ᠭᠤᠭᠤᠵᠢᠵᠤ ᠰᠦᠢᠳᠬᠦ ᠶᠢ ᠵᠠᠰᠠᠬᠤ ᠭᠤᠤᠯᠳᠠᠯᠭ᠎ᠠ ᠪᠣᠯᠬᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠬᠤᠶᠠᠷ︶ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠦᠨᠡᠯᠡᠬᠦ ᠠᠵᠢᠯ ᠢ ᠥᠷᠨᠢᠭᠦᠯᠵᠦ᠂ ᠪᠤᠭᠤᠲᠤ ᠬᠤᠲᠠ ᠶᠢᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠤᠰᠤ ᠨᠡᠪᠴᠢᠬᠦ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠪᠣᠷᠣᠭᠠᠨ ᠤ ᠤᠰᠤᠨ ᠤ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠴᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶        ︵ᠭᠤᠷᠪᠠ︶ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠥᠮᠦᠨ ᠤ ᠬᠦᠴᠦ ᠪᠠᠷ ᠴᠠᠨᠠᠯᠠᠬᠤ ᠲᠠᠯᠠᠪᠠᠢ ᠵᠡᠷᠭᠡ ᠠᠵᠢᠯ ᠲᠦᠷᠦᠯ ᠤᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭ᠎ᠠ ᠬᠢᠵᠠᠭᠠᠷᠯᠠᠵᠤ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠲᠤ ᠵᠦᠷᠢᠶᠡᠴᠢᠯᠡᠭᠰᠡᠨ ᠤᠰᠤᠨ ᠤ ᠦᠨ᠎ᠡ ᠶᠢ ᠬᠡᠷᠡᠭᠵᠢᠭᠦᠯᠵᠦ᠂ ᠤᠰᠤ ᠪᠠᠭ᠎ᠠ ᠬᠤᠷᠣᠭᠳᠠᠭᠤᠯᠬᠤ᠂ ᠣᠷᠴᠢᠯᠳᠤᠭᠤᠯᠤᠨ ᠤᠰᠤ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ᠂ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠶᠢ ᠠᠬᠢᠭᠤᠯᠵᠤ᠂ ᠳᠠᠬᠢᠯᠲᠠ ᠤᠰᠤ᠂ ᠪᠣᠷᠣᠭᠠᠨ ᠤ ᠤᠰᠤ ᠬᠡᠷᠡᠭᠯᠡᠬᠦ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠬᠡᠷᠡᠭᠯᠡᠬᠦ ᠶᠢ ᠵᠣᠷᠢᠭᠵᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ ᠳᠤ ᠤᠰᠤ ᠠᠷᠪᠢᠯᠠᠬᠤ ᠪᠠᠭᠠᠵᠢ ᠬᠡᠷᠡᠭᠰᠡᠯ ᠢ ᠢᠵᠢ ᠪᠦᠷᠢᠳᠦᠭᠦᠯᠦᠨ ᠬᠡᠷᠡᠭᠯᠡᠵᠦ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠨᠢ ᠤᠰᠤ ᠠᠷᠪᠢᠯᠠᠬᠤ ᠪᠠᠷᠢᠮᠵᠢᠶ᠎ᠠ ᠳᠤ ᠨᠡᠶᠢᠴᠡᠬᠦ ᠦᠭᠡᠶ ᠪᠣᠯ ᠤᠰᠤ ᠠᠷᠪᠢᠯᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠢ ᠲᠦᠭᠡᠮᠡᠯᠵᠢᠭᠦᠯᠬᠦ ᠨᠣᠷᠮ᠎ᠠ ᠶᠢ 100% ᠲᠤ ᠬᠦᠷᠦᠭᠦᠯᠦᠨ᠎ᠡ᠃ ᠤᠰᠤ ᠠᠷᠪᠢᠯᠠᠬᠤ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠢᠳᠤᠷᠠᠯ ᠳᠤ ᠬᠡᠷᠡᠭᠯᠡᠬᠦ ᠤᠰᠤᠨ ᠤ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠰᠤᠭᠤᠴᠢᠨ ᠪᠠᠶᠢᠴᠠᠭᠠᠯᠲᠠ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠤᠰᠤ ᠬᠡᠷᠡᠭᠯᠡᠬᠦ ᠪᠠᠭᠠᠵᠢ ᠬᠡᠷᠡᠭᠰᠡᠯ ᠤᠨ ᠳᠣᠲᠣᠷᠠᠬᠢ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠤᠨ ᠡᠵᠡᠯᠡᠬᠦ ᠬᠠᠷᠢᠴᠠᠯ ᠢ 100% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶        ︵ᠲᠦᠷᠪᠡ︶ ᠮᠠᠯᠵᠢᠬᠤ ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ 100% ᠳᠤ ᠲᠣᠭᠲᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠩᠭᠦᠶ ᠤᠰᠤ ᠬᠠᠩᠭᠠᠬᠤ ᠬᠡᠮᠵᠢᠯᠲᠡ ᠶᠢᠨ ᠰᠦᠢᠳᠭᠡᠯ ᠬᠤᠷᠢᠶᠠᠬᠤ ᠶᠢ ᠠᠬᠢᠭᠤᠯᠵᠤ᠂ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠶᠢ ᠲᠦᠷᠭᠡᠳᠬᠡᠨ᠂ ᠮᠠᠨ ᠤ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠡᠷᠦᠬᠡ ᠳᠤ ᠬᠦᠷᠴᠦ ᠬᠡᠮᠵᠢᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠠᠰᠢᠶ᠎ᠠ ᠶᠢ ᠤᠰᠤᠯᠠᠬᠤ ᠪᠠ ᠲᠡᠵᠢᠭᠡᠨ ᠦᠷᠡᠵᠢᠭᠦᠯᠬᠦ ᠳᠤ ᠤᠰᠤ ᠬᠡᠷᠡᠭᠯᠡᠬᠦ ᠳᠤ ᠬᠦᠴᠢᠷᠲᠡᠶ ᠪᠠᠶᠢᠪᠠᠯ᠂ ᠲᠠᠷᠢᠶᠠᠯᠠᠩ ᠳᠤ ᠬᠤᠯᠪᠣᠭᠳᠠᠬᠤ ᠭᠠᠵᠠᠷ ᠣᠷᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠤᠷᠢᠳᠠᠪᠠᠷ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ ᠄ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ︶        ︵ᠲᠠᠪᠤ︶ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠤᠰᠤᠨ ᠤ ᠡᠬᠢ ᠰᠤᠷᠪᠤᠯᠵᠢ ᠶᠢᠨ ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ ᠃ ᠬᠤᠲᠠ ᠬᠥᠳᠡᠭᠡ ᠶᠢᠨ ᠤᠰᠤ ᠬᠠᠩᠭᠠᠬᠤ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠦᠨ᠂ ᠤᠷ᠎ᠠ ᠮᠡᠷᠭᠡᠰᠢᠯ ᠨᠢ ᠲᠡᠭᠦᠯᠳᠡᠷ ᠪᠤᠰᠤ᠂ ᠠᠷᠢᠭᠤᠳᠬᠠᠬᠤ ᠪᠡᠯᠡᠳᠬᠡᠮᠵᠢ ᠨᠢ ᠪᠦᠷᠢᠨ ᠪᠤᠰᠤ᠂ ᠦᠢᠯᠡᠳᠪᠦᠷᠢ ᠠᠴᠠ ᠭᠠᠷᠭᠠᠬᠤ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠶ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠶᠢ ᠴᠢᠩᠭᠠᠳᠬᠠᠨ᠂ ᠦᠵᠦᠭᠦᠷ ᠤᠨ ᠬᠡᠷᠡᠭᠯᠡᠭᠴᠢ ᠶᠢᠨ ᠬᠤᠶᠠᠳᠠᠬᠢ ᠤᠳᠠᠭ᠎ᠠ ᠤᠰᠤ ᠴᠡᠪᠡᠷᠯᠡᠬᠦ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠵᠢᠷᠭᠤᠭ᠎ᠠ ︶ ᠬᠤᠲᠠ ᠬᠥᠳᠡᠭᠡ ᠶᠢᠨ ᠤᠰᠤ ᠬᠡᠷᠡᠭᠯᠡᠬᠦ ᠦᠨ᠎ᠡ ᠬᠠᠩᠰᠢ ᠶᠢᠨ ᠲᠣᠭᠲᠠᠴᠠ ᠶᠢ ᠪᠦᠷᠢᠨᠰᠢᠭᠦᠯᠦᠨ᠎ᠡ ᠃ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠬᠠᠩᠰᠢ ᠶᠢᠨ ᠠᠵᠢᠯᠯᠠᠭᠠᠨ ᠤ ᠪᠠᠶᠢᠳᠠᠯ ᠢ ᠦᠨᠡᠯᠡᠨ ᠵᠢᠱᠢᠬᠦ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃ ᠬᠤᠲᠠ ᠪᠠᠯᠭᠠᠰᠤᠨ ᠤ ᠪᠤᠰᠤ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠦᠯᠬᠦ ︵ᠲᠥᠯᠥᠪᠯᠡᠭᠡ ᠠᠴᠠ ᠬᠡᠲᠦᠷᠡᠭᠦᠯᠬᠦ︶ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠶᠢ ᠤᠯᠠᠮ ᠨᠢᠭᠡ ᠠᠯᠬᠤᠮ ᠲᠣᠬᠢᠷᠠᠭᠤᠯᠤᠨ᠂ ᠦᠨ᠎ᠡ ᠨᠡᠮᠡᠬᠦ ᠪᠠᠷᠢᠮᠵᠢᠶ᠎ᠠ ᠶᠢ ᠲᠣᠭᠲᠠᠭᠠᠨ᠎ᠠ᠃ ᠲᠠᠷᠢᠶᠠᠯᠠᠬᠤ ᠮᠠᠯᠵᠢᠬᠤ ᠣᠷᠣᠨ ᠲᠣᠰᠬᠤᠨ ᠤ ᠡᠭᠦᠳᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠰᠦᠪᠡᠭᠴᠢᠯᠡᠨᠬᠡᠷᠡᠭᠵᠢᠭᠦᠯᠵᠦ᠂ ᠲᠠᠷᠢᠶᠠᠴᠢᠨ ᠮᠠᠯᠴᠢᠳ ᠤᠨ ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠶᠢ ᠬᠦᠲᠦᠯᠦᠨ  ᠵᠢᠯᠤᠭᠤᠳᠤᠨ᠎ᠠ ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ︶        ︵ᠳᠤᠯᠤᠭ᠎ᠠ︶ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ ᠃ ᠶᠡᠷᠦᠩᠬᠡᠶ ᠱᠦᠵᠢ ᠰᠢ ᠶᠢᠨ ᠫᠢᠩ ᠤᠨ ᠤᠰᠤ ᠵᠠᠰᠠᠬᠤ ᠰᠡᠳᠬᠢᠴᠡ ᠪᠣᠯᠤᠨ ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ ᠤᠰᠤ ᠠᠷᠪᠢᠯᠠᠬᠤ ᠳᠦᠷᠢᠮ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠵᠤ ᠤᠰᠤ ᠶᠢ ᠴᠢᠩᠭ᠎ᠠ ᠬᠢᠵᠠᠭᠠᠷᠯᠠᠬᠤ ᠵᠡᠷᠭᠡ ᠭᠤᠣᠯ ᠴᠣᠭᠴᠠ ᠶᠢᠨ ᠤᠬᠠᠭᠤᠯᠭ᠎ᠠ ᠶᠢ ᠰᠠᠶᠢᠲᠤᠷ ᠬᠢᠨ᠎ᠡ᠃ ︽ᠤᠰᠤ ᠶᠢ ᠠᠷᠪᠢᠯᠠᠨ ᠭᠠᠮᠨᠠᠬᠤ ᠲᠦᠷᠢᠮ︾ ︽ᠠᠷᠠᠳ ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠢ ᠤᠬᠠᠭᠤᠯᠤᠨ ᠲᠦᠭᠡᠮᠡᠯᠵᠢᠭᠦᠯᠵᠦ᠂ ᠪᠥᠬᠦ ᠠᠷᠠᠳ ᠢᠶᠠᠷ ᠢᠶᠠᠨ ᠤᠰᠤ ᠬᠠᠶᠢᠷᠠᠯᠠᠵᠤ ᠤᠰᠤ ᠶᠢ ᠬᠠᠮᠠᠭᠠᠯᠠᠨ ᠤᠰᠤ ᠠᠷᠪᠢᠯᠠᠬᠤ ᠤᠬᠠᠮᠰᠠᠷ ᠢ ᠪᠠᠲᠤ ᠪᠠᠬᠢ ᠪᠣᠶ ᠪᠣᠯᠭᠠᠨ᠎ᠠ᠃ ︽ᠳᠡᠯᠡᠬᠡᠶ ᠶᠢᠨ ᠤᠰᠤᠨ ᠡᠳᠦᠷ︾᠂ ︽ᠳᠤᠮᠳᠠᠳᠤ ᠤᠯᠤᠰ ᠤᠨ ᠤᠰᠤᠨ ᠭᠠᠷᠠᠭ︾ ᠵᠡᠷᠭᠡ ᠴᠢᠬᠤᠯᠠ ᠵᠠᠩᠭᠢᠯᠠᠭ᠎ᠠ ᠶᠢᠨ ᠴᠢᠭ ᠢ ᠭᠦᠢᠴᠡᠳ ᠠᠰᠢᠭᠯᠠᠨ᠂ ᠪᠦᠬᠦ ᠲᠣᠭᠤᠷᠢᠭ ᠲᠤ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠤᠰᠤ ᠠᠷᠪᠢᠯᠠᠬᠤ ᠤᠬᠠᠭᠤᠯᠭ᠎ᠠ ᠶᠢᠨ ᠭᠤᠤᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ︶        ᠵᠢᠷᠭᠤᠭ᠎ᠠ᠂ ᠠᠮᠢ ᠠᠬᠤᠶ ᠶᠢᠨ ᠤᠰᠤ ᠠᠷᠪᠢᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ        ︵ᠨᠢᠭᠡ︶ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠬᠤᠷ᠎ᠠ ᠲᠣᠨᠣᠳᠠᠰᠤ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠵᠡᠷᠭᠡ ᠤᠰᠤᠨ ᠤ ᠡᠬᠢ ᠪᠠᠶᠠᠯᠢᠭ ᠤᠨ ᠴᠠᠭ ᠪᠠ ᠳᠠᠭᠠᠭᠠᠴᠠ ᠶᠢ ᠭᠦᠢᠴᠡᠳ ᠪᠣᠳᠣᠯᠬᠢᠯᠠᠵᠤ᠂ ᠤᠰᠤ ᠪᠠᠷ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠨᠣᠭᠤᠭᠠᠷᠠᠭᠤᠯᠬᠤ ᠳᠤ ᠳᠣᠭᠢᠷᠠᠪᠠᠯ ᠨᠣᠭᠤᠭᠠᠷᠠᠭᠤᠯᠵᠤ᠂ ᠠᠲᠠᠷ ᠬᠠᠭᠠᠯᠪᠤᠷᠢᠯᠠᠬᠤ ᠳᠤ ᠳᠣᠭᠢᠷᠠᠪᠠᠯ ᠠᠲᠠᠷ ᠬᠠᠭᠠᠯᠪᠤᠷᠢᠯᠠᠵᠤ᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ ᠶᠢ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠᠷ ᠳᠠᠮᠵᠢᠭᠤᠯᠤᠨ᠂ ᠭᠠᠩ ᠬᠠᠭᠰᠠᠷᠠᠭᠠᠨ ᠳᠤ ᠳᠠᠭᠠᠮᠠᠭᠠᠢ᠂ ᠤᠰᠤ ᠪᠠᠭ᠎ᠠ ᠬᠤᠷᠣᠭᠳᠠᠭᠤᠯᠬᠤ ᠮᠣᠳᠣᠨ ᠤ ᠲᠥᠷᠥᠯ᠂ ᠡᠪᠡᠰᠦᠨ ᠤ ᠲᠥᠷᠥᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠪᠠᠶᠢᠭᠠᠯᠢ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ ᠪᠠ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠢ ᠭᠦᠢᠴᠡᠳ ᠠᠰᠢᠭᠯᠠᠨ᠂ ᠨᠢᠭᠲᠠᠴᠠ ᠪᠠᠷ ᠳᠣᠤᠷ᠎ᠠ ᠣᠶᠢᠵᠢᠭᠤᠯᠬᠤ ᠶᠢ ᠬᠡᠷᠡᠭᠵᠢᠭᠦᠯᠵᠦ᠂ ᠣᠶᠢᠵᠢᠭᠤᠯᠬᠤ ᠨᠢᠭᠲᠠᠴᠠ ᠶᠢ ᠵᠦᠶ ᠵᠣᠬᠢᠰᠲᠠᠶ ᠲᠣᠭᠲᠠᠭᠠᠵᠤ᠂ ᠪᠣᠳᠠ ᠮᠣᠳᠣᠨ ᠤ ᠲᠥᠷᠥᠯ ᠤᠨ ᠬᠠᠷᠢᠴᠠᠯ ᠢ ᠨᠡᠮᠡᠭᠳᠡᠭᠦᠯᠦᠨ᠎ᠡ᠃ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠶ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ᠂ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠶᠢ ᠵᠦᠢ ᠵᠣᠬᠢᠰᠲᠠᠶ ᠲᠣᠬᠢᠷᠠᠭᠤᠯᠤᠨ᠎ᠠ᠃ ᠪᠠᠶᠢᠭᠠᠯᠢ ᠶᠢᠨ ᠬᠤᠷ᠎ᠠ ᠲᠣᠨᠣᠳᠠᠰᠣ ᠳᠤ ᠲᠦᠰᠢᠭᠯᠡᠨ ᠴᠢᠬᠢ ᠮᠣᠳᠣᠨ ᠤ ᠤᠷᠭᠤᠯᠲᠠ ᠶᠢᠨ ᠬᠡᠷᠡᠭᠴᠡᠭᠡ ᠶᠢ ᠬᠠᠩᠭᠠᠬᠤ ᠪᠠᠶᠢᠭᠠᠯᠢ ᠶᠢᠨ ᠨᠣᠭᠤᠭᠠᠷᠠᠭᠤᠯᠤᠯᠲᠠ ᠶᠢᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠤᠲᠠ ᠶᠢᠨ ᠳᠠᠬᠢᠯᠲᠠ ᠤᠰᠤ ᠶᠢ ᠭᠦᠢᠴᠡᠳ ᠠᠰᠢᠭᠯᠠᠨ ᠨᠣᠭᠤᠭᠠᠷᠠᠭᠤᠯᠤᠯᠲᠠ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠶᠢ ᠵᠣᠷᠢᠭᠵᠢᠭᠤᠯᠵᠤ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶        ︵ᠬᠤᠶᠠᠷ︶ ᠬᠤᠲᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠂ ᠲᠤᠰ ᠭᠠᠵᠠᠷ ᠣᠷᠣᠨ ᠳᠤ ᠲᠣᠬᠢᠷᠠᠬᠤ ᠭᠠᠩ ᠬᠠᠭᠰᠠᠷᠠᠭᠠᠨ ᠳᠤ ᠲᠡᠰᠪᠦᠷᠢᠲᠡᠶ ᠤᠷᠭᠤᠮᠠᠯ ᠤᠨ ᠬᠤᠴᠢᠯᠭ᠎ᠠ ᠶᠢ ᠰᠣᠩᠭᠤᠨᠬᠡᠷᠡᠭᠯᠡᠵᠦ᠂ ᠤᠰᠤᠯᠠᠯᠲᠠ ᠶᠢᠨ ᠤᠳᠠᠭ᠎ᠠ ᠶᠢ ᠵᠦᠶ ᠵᠣᠬᠢᠰᠲᠠᠶ ᠲᠣᠬᠢᠷᠠᠭᠤᠯᠤᠨ᠂ ᠤᠰᠤᠨ ᠤ ᠭᠠᠳᠠᠷᠭᠤ ᠶᠢᠨ ᠦᠵᠡᠮᠵᠢ ᠶᠢᠨ ᠬᠡᠷᠡᠭᠯᠡᠬᠦ ᠤᠰᠤ ᠶᠢ ᠴᠢᠩᠭ᠎ᠠ ᠡᠵᠡᠮᠳᠡᠨ᠎ᠡ︔ ᠭᠠᠵᠠᠷ ᠳᠣᠤᠷᠠᠬᠢ ᠤᠰᠤ ᠶᠢ ᠬᠤᠲᠠ ᠶᠢᠨ ᠤᠰᠤᠨ ᠤ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠳᠠᠬᠢᠯᠲᠠ ᠤᠰᠤᠨ ᠤ ᠬᠤᠭᠤᠯᠠᠶ  ᠭᠤᠤᠷᠰᠤ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ ᠤᠰᠤᠨ ᠤ ᠡᠬᠢ ᠶᠢᠨ ᠬᠤᠳᠳᠤᠭ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ︶        ᠳᠣᠯᠤᠭ᠎ᠠ᠂ ᠬᠡᠪ ᠤᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠨ᠎ᠡ        ︵ᠨᠢᠭᠡ︶ ᠤᠰᠤ ᠲᠠᠲᠠᠷᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠭᠠᠳᠠᠭᠰᠢᠯᠠᠭᠤᠯᠬᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠰᠤ ᠭᠠᠳᠠᠭᠰᠢᠯᠠᠭᠤᠯᠬᠤ ᠤᠰᠤᠨ ᠤ ᠴᠢᠨᠠᠷ ᠢ ᠪᠣᠬᠢᠷᠲᠤᠯ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ ᠪᠠ ᠳᠣᠣᠷᠠᠳᠤ ᠤᠷᠤᠰᠬᠠᠯ ᠤᠨ ᠲᠥᠪᠯᠡᠷᠡᠭᠰᠡᠨ ᠪᠣᠬᠢᠷ ᠤᠰᠤ ᠶᠢ ᠰᠢᠢᠳᠪᠦᠷᠢᠯᠡᠬᠦ ᠤᠷ᠎ᠠ ᠮᠡᠷᠭᠡᠵᠢᠯ ᠤᠨ ᠱᠠᠭᠠᠷᠳᠠᠯᠭ᠎ᠠ ᠶᠢ ᠬᠠᠮᠲᠤ ᠳᠤᠨᠢ ᠬᠠᠩᠭᠠᠨ᠎ᠠ ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠬᠤᠶᠠᠷ︶ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠳᠠᠬᠢᠯᠲᠠ ᠤᠰᠤᠨ ᠤ ᠬᠠᠩᠭᠠᠯᠭ᠎ᠠ ᠶᠢ ᠪᠠᠲᠤᠯᠠᠨ᠎ᠠ︔ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠠᠴᠠ ᠬᠡᠲᠦᠷᠡᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠤᠰᠠᠭᠠᠷ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠰᠢᠢᠳᠪᠦᠷᠢᠯᠡᠬᠦ ᠦᠢᠯᠡᠳᠪᠦᠷᠢ ᠪᠤᠶᠤ ᠦᠯᠡᠳᠡᠭᠳᠡᠯ ᠤᠰᠤ ᠶᠢ ᠭᠦᠨᠵᠡᠭᠡᠢ ᠴᠡᠪᠡᠷᠰᠢᠭᠦᠯᠬᠦ ᠢᠨᠵᠧᠨᠧᠷᠢᠩ ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ︔ ᠳᠠᠬᠢᠯᠲᠠ ᠤᠰᠤᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠶᠢ ᠴᠢᠩᠭᠠᠷᠠᠭᠤᠯᠤᠨ᠂ ᠳᠠᠬᠢᠯᠲᠠ ᠤᠰᠤᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠬᠡᠪᠴᠢᠶ᠎ᠡ ᠶᠢ ᠥᠷᠭᠡᠳᠬᠡᠨ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ᠂ ᠳᠠᠬᠢᠯᠲᠠ ᠤᠰᠤ ᠶᠢ ᠪᠦᠲᠦᠮᠵᠢᠲᠡᠢ ᠠᠰᠢᠭᠯᠠᠬᠤ ᠵᠡᠷᠭᠡ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠠᠵᠢᠯ ᠢ ᠲᠦᠯᠬᠢᠨ ᠠᠬᠢᠭᠤᠯᠤᠨ᠎ᠠ︔ ᠳᠠᠬᠢᠯᠲᠠ ᠤᠰᠤ ᠶᠢ ᠣᠶᠢᠷ᠎ᠠ ᠬᠠᠪᠢ ᠳᠤᠨᠢ ᠠᠰᠢᠭᠯᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠠᠵᠤ ᠦᠢᠯᠡᠳᠪᠦᠷᠢ᠂ ᠲᠠᠷᠢᠶᠠᠯᠠᠩ᠂ ᠠᠮᠢ ᠠᠬᠤᠢ  ᠂ ᠬᠤᠲᠠ ᠶᠢᠨ ᠶᠠᠪᠤᠳᠠᠯ ᠤᠨ ᠬᠤᠯᠢᠯᠳᠤᠨ ᠬᠡᠷᠡᠭᠯᠡᠬᠦ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ  ᠬᠦᠷᠢᠶᠡᠨ ᠳᠤ ᠳᠠᠬᠢᠯᠲᠠ ᠤᠰᠤ ᠶᠢ ᠤᠷᠢᠳᠠᠪᠡᠷ ᠲᠣᠬᠢᠷᠠᠭᠤᠯᠤᠨ ᠬᠡᠷᠡᠭᠯᠡᠨ᠎ᠡ︔ ᠮᠠᠨ ᠤ ᠲᠣᠭᠤᠷᠢᠭ ᠤᠨ  ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 45% ᠠᠴᠠ ᠳᠡᠭᠡᠭᠰᠢ ᠳᠤ ᠬᠦᠷᠦᠭᠦᠯᠬᠦ ᠪᠠᠷ  ᠴᠢᠷᠮᠠᠶᠢᠨ᠎ᠠ᠃ ᠤᠯᠤᠰ ᠤᠨ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠤᠷᠰᠢᠯᠲᠠ ᠶᠢᠨ ᠬᠤᠲᠠ ᠶᠢᠨ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠰᠠᠶᠢᠲᠤᠷ ᠬᠢᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ  ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ᠨᠠᠢᠮᠠ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ        ︵ᠨᠢᠭᠡ︶ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠥᠷᠥᠯ ᠵᠦᠢᠯ ᠤᠨ ᠤᠰᠤ ᠬᠡᠷᠡᠭᠯᠡᠬᠦ ᠶᠢ ᠵᠠᠷᠴᠢᠮ ᠳᠡᠭᠡᠷ᠎ᠡ ᠪᠠᠨ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠪᠠᠷ ᠳᠠᠮᠵᠢᠭᠤᠯᠤᠨ ᠤᠰᠤ ᠬᠡᠷᠡᠭᠯᠡᠬᠦ ᠡᠷᠬᠡ ᠣᠯᠵᠤ᠂ ᠤᠰᠤ ᠬᠡᠷᠡᠭᠯᠡᠬᠦ ᠡᠷᠬᠡ ᠶᠢᠨ ᠵᠠᠬ᠎ᠠ ᠳᠡᠯᠭᠡᠭᠦᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠰᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠤᠨ᠂ ᠤᠰᠤ ᠬᠡᠷᠡᠭᠯᠡᠬᠦ ᠡᠷᠦᠬᠡ ᠶᠢᠨ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠤᠰᠤ ᠬᠡᠷᠡᠭᠯᠡᠬᠦ ᠡᠷᠦᠬᠡ ᠶᠢᠨ ᠬᠠᠤᠯᠢ ᠶᠣᠰᠣᠨ ᠤ ᠤᠰᠤ ᠬᠡᠷᠡᠭᠯᠡᠬᠦ ᠡᠷᠬᠡ ᠠᠰᠢᠭ ᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠤᠭᠤᠲᠤ ᠬᠤᠲᠠ ᠶᠢᠨ ᠰᠢᠭᠤᠶᠢᠲᠤ ᠶᠢᠨ ᠭᠤᠸᠠᠩ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶        ︵ᠬᠤᠶᠠᠷ︶ ᠤᠰᠤ ᠠᠷᠪᠢᠯᠠᠬᠤ ᠠᠵᠤ ᠦᠢᠯᠡᠰ ᠤᠨ ᠵᠣᠬᠢᠴᠠᠩᠭᠤᠢ  ᠬᠦᠭᠵᠢᠯᠲᠡ ᠶᠢ  ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠬᠤᠲᠠ ᠪᠠᠯᠭᠠᠰᠤ ᠶᠢᠨ ᠠᠮᠢᠳᠤᠷᠠᠯ ᠤᠨ ᠤᠰᠤ ᠠᠷᠪᠢᠯᠠᠬᠤ ᠵᠢᠴᠢ ᠤᠰᠤ ᠠᠷᠪᠢᠯᠠᠬᠤ ᠦᠢᠯᠡᠴᠢᠯᠡᠭᠡᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠬᠦᠭᠡᠷᠦᠮᠵᠢ ᠶᠢᠨ ᠦᠢᠯᠡᠳᠪᠦᠷᠢᠯᠡᠯ ᠪᠠ ᠮᠡᠷᠭᠡᠵᠢᠯ ᠤᠨ ᠦᠢᠯᠡᠴᠢᠯᠡᠭᠡᠨ ᠤ ᠲᠠᠯ᠎ᠠ ᠪᠠᠷ᠂ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠶᠡᠭᠡ ᠬᠡᠪᠴᠢᠶ᠎ᠡ ᠪᠠᠷ ᠤᠰᠤ ᠠᠷᠪᠢᠯᠠᠬᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ᠂ ᠤᠰᠤ ᠬᠡᠷᠡᠭᠯᠡᠬᠦ ᠬᠤᠴᠣᠷᠤᠩᠭᠤᠶ ᠲᠥᠬᠦᠭᠡᠷᠦᠮᠵᠢ ᠶᠢ ᠲᠦᠷᠭᠡᠳᠬᠡᠨ ᠰᠢᠭᠰᠢᠭᠳᠡᠭᠦᠯᠵᠦ᠂ ᠤᠰᠤ ᠠᠷᠪᠢᠯᠠᠬᠤ ᠲᠣᠨᠤᠭ ᠲᠥᠬᠦᠭᠡᠷᠦᠮᠵᠢ ᠶᠢᠨ ᠲᠠᠰ ᠳᠡᠪᠰᠢᠭᠦᠯᠦᠨ ᠦᠶ᠎ᠡ ᠰᠣᠯᠢᠬᠤ ᠶᠢ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠤᠨ ᠥᠭᠡᠷᠡᠴᠢᠯᠡᠯᠲᠡ ᠥᠷᠨᠢᠭᠦᠯᠬᠦ ᠶᠢ ᠵᠣᠷᠢᠭᠵᠢᠭᠤᠯᠵᠤ᠂ ᠠᠮᠢᠳᠤᠷᠠᠯ ᠤᠨ ᠶᠠᠰᠤ ᠴᠢᠨᠠᠷ ᠪᠠ ᠤᠰᠤ ᠠᠷᠪᠢᠯᠠᠬᠤ ᠦᠷ᠎ᠡ ᠪᠦᠲᠦᠮᠵᠢ ᠶᠢᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠦᠨ᠎ᠡ ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶        ︵ᠭᠤᠷᠪᠠ︶ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠴᠢᠩᠭᠠᠳᠬᠠᠨ᠎ᠠ ᠃ ᠠᠵᠤ ᠠᠬᠤᠶᠢᠯᠠᠯ ᠤᠨ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠲᠦᠪᠡᠭᠲᠡᠶ ᠪᠠᠶᠢᠳᠠᠯ ᠤᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠤᠰᠤ ᠠᠷᠪᠢᠯᠠᠬᠤ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠵᠡᠷᠭᠡ ᠲᠠᠯ᠎ᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠤᠷᠠᠨ ᠳᠠᠷᠬ᠎ᠠ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠤᠰᠤ ᠠᠷᠪᠢᠯᠠᠬᠤ ᠵᠠᠩᠭᠢᠯᠠᠭ᠎ᠠ ᠶᠢᠨ ᠭᠤᠤᠯᠯᠠᠭᠴᠢ ᠵᠢᠴᠢ ᠰᠠᠭᠤᠷᠢ ᠨᠡᠶᠢᠲᠡᠯᠢᠭ ᠴᠢᠨᠠᠷᠲᠠᠶ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠯᠲᠡ ᠶᠢ ᠰᠠᠶᠢᠲᠤᠷ ᠬᠢᠨ᠎ᠡ ᠃ ᠠᠭᠠᠷ ᠤᠨ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠴᠠᠭ ᠠᠭᠤᠷ ᠤᠨ ᠤᠰᠤ ᠠᠷᠪᠢᠯᠠᠬᠤ ᠣᠶᠤᠨᠴᠢ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ᠂ ᠠᠭᠠᠷ ᠤᠨ ᠭᠠᠵᠠᠷ ᠰᠢᠷᠣᠢ ᠬᠠᠮᠲᠤᠷᠠᠭᠰᠠᠨ ᠪᠣᠷᠣᠭᠠᠨ ᠨᠡᠮᠡᠭᠳᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠩ ᠬᠠᠭᠰᠠᠷᠠᠭᠠᠨ ᠲᠠᠢ ᠲᠡᠮᠡᠴᠡᠬᠦ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶        ᠶᠢᠰᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ        ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠤᠰᠤ ᠠᠷᠪᠢᠯᠠᠬᠤ ᠬᠠᠷᠠᠯᠲᠠ ᠶᠢ ᠪᠣᠳᠠᠲᠠᠶ ᠤᠰᠤ ᠬᠡᠷᠡᠭᠯᠡᠬᠦ ᠡᠷᠦᠬᠡ ᠪᠣᠯᠤᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠮᠥᠷᠳᠡᠬᠦ᠂ ᠲᠣᠬᠢᠷᠠᠭᠤᠯᠬᠤ᠂ ᠨᠡᠪᠲᠡᠷᠡᠭᠦᠯᠬᠦ ᠪᠠ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠎ᠠ ᠃ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠶ ᠵᠦᠢᠯ ᠤᠨ ᠪᠡᠯᠡ ᠮᠥᠩᠭᠦ ᠪᠠᠷ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠳᠡᠮᠵᠢᠵᠦ᠂ ᠤᠰᠤᠨ ᠤ ᠡᠬᠢ ᠪᠠᠶᠠᠯᠢᠭ ᠢ ᠠᠷᠪᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠵᠦ᠂ ᠭᠤᠤᠯᠳᠠᠯᠭ᠎ᠠ ᠪᠣᠯᠬᠤ ᠤᠰᠤᠨ ᠠᠰᠢᠭᠯᠠᠯᠲᠠ᠂ ᠤᠰᠤ ᠠᠷᠪᠢᠯᠠᠬᠤ᠂ ᠳᠡᠭᠢᠯᠳᠡ ᠤᠰᠤᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠳᠤ ᠡᠳ᠋ ᠤᠨ ᠵᠠᠰᠠᠭ ᠤᠨ ᠳᠡᠮᠵᠢᠯᠭᠡ ᠥᠭᠬᠦ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠤᠬᠢᠷᠠᠭᠤᠯᠭ᠎ᠠ ᠶᠢᠨ ᠦᠢᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠤᠯᠴᠠᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号