ᠨᠢᠭᠡ᠂ ᠦᠨᠳᠦᠰᠦᠨ ᠬᠡᠷᠡᠭ ᠤᠨ ᠪᠠᠶᠢᠳᠠᠯ | ᠰᠢᠶᠤᠤ ᠣᠪᠣᠭᠲᠤ ᠪᠤᠯᠤᠨ ᠯᠢᠦ ᠣᠪᠣᠭᠲᠤ ᠶᠡᠷᠦ ᠨᠢ ᠣᠯᠠᠨ ᠵᠢᠯ ᠤᠨ ᠰᠠᠶᠢᠨ ᠨᠠᠶᠢᠵᠠ ᠪᠠᠶᠢᠵᠠᠢ ᠃ | ᠰᠢᠶᠣᠣ ᠣᠪᠣᠭᠲᠤ ᠤᠷᠲᠤ ᠬᠤᠭᠤᠴᠠᠭ᠎ᠠ ᠪᠠᠷ ᠭᠠᠳᠠᠷ ᠣᠷᠣᠨ ᠳᠤ ᠠᠵᠢᠯᠯᠠᠬᠤ ᠪᠣᠯᠬᠤᠷ ᠥᠪᠡᠷ ᠢ ᠪᠠᠨ ᠰᠢᠭᠤᠶᠢᠲᠤ | ᠲᠣᠭᠤᠷᠢᠭ ᠤᠨ ᠳ᠋ᠠ ᠹᠠ ᠬᠠᠭᠤᠴᠢᠨ ᠵᠡᠭᠡᠯᠢ ᠳᠤ ᠪᠠᠶᠢᠭ᠎ᠠ ᠨᠢᠭᠡ ᠢᠵᠢ ᠭᠡᠷ ᠪᠠᠶᠢᠰᠢᠩ ᠢᠶᠠᠨ ᠦᠨ᠎ᠡ ᠲᠥᠯᠥᠪᠦᠷᠢ | ᠦᠭᠡᠢ ᠪᠠᠷ ᠯᠢᠦ ᠣᠪᠣᠭᠲᠤ ᠳᠤ ᠵᠢᠭᠡᠯᠡᠭᠦᠯᠦᠨ ᠰᠠᠭᠤᠯᠭᠠᠵᠤ ᠂ ᠬᠤᠶᠠᠷ ᠲᠠᠯ᠎ᠠ ᠪᠠᠷ ᠢᠶᠠᠨ ᠯᠢᠦ ᠣᠪᠣᠭᠲᠤ ᠭᠡᠷ | ᠪᠠᠶᠢᠰᠢᠩ ᠤᠨ ᠡᠳᠦᠷ ᠳᠣᠳᠣᠮ ᠤᠨ ᠬᠠᠮᠠᠭᠠᠯᠠᠯᠲᠠ ᠶᠢ ᠬᠠᠷᠢᠭᠤᠴᠠᠨ᠎ᠠ ᠭᠡᠵᠦ ᠠᠮᠠᠨ ᠳᠡᠭᠡᠷ᠎ᠡ ᠪᠠᠨ ᠪᠣᠯᠵᠣᠨ | ᠲᠣᠭᠲᠠᠪᠠ ᠃ ᠯᠢᠦ ᠣᠪᠣᠭᠲᠤ ᠣᠷᠣᠵᠤ ᠰᠠᠭᠤᠭᠰᠠᠨ ᠤ ᠳᠠᠷᠠᠭ᠎ᠠ᠂ ᠭᠡᠷ ᠪᠠᠶᠢᠰᠢᠩ ᠳᠤ ᠤᠰᠤᠨ ᠴᠠᠬᠢᠯᠭᠠᠨ ᠢ | ᠰᠡᠯᠪᠢᠨ ᠵᠠᠰᠠᠬᠤ᠂ ᠬᠡᠷᠡᠮ ᠢ ᠰᠡᠯᠪᠢᠨ ᠵᠠᠰᠠᠬᠤ ᠵᠡᠷᠭᠡ ᠡᠩ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠬᠢᠪᠡ᠃ | ᠴᠠᠭ ᠬᠤᠭᠤᠴᠠᠭ᠎ᠠ ᠥᠩᠭᠡᠷᠡᠵᠦ ᠂ ︽ ᠳ᠋ᠠ ᠹᠠ 1913︾ ᠤᠨᠴᠠᠯᠢᠬᠳᠤ ᠲᠡᠦᠬᠡᠨ ᠵᠡᠭᠡᠯᠢ ᠲᠣᠭᠤᠷᠢᠭ ᠤᠨ | ᠲᠥᠷᠥᠯ ᠵᠦᠢᠯ ᠢ ᠡᠬᠢᠯᠡᠨ ᠪᠠᠶᠢᠭᠤᠯᠬᠤ ᠶᠢ ᠳᠠᠭᠠᠯᠳᠤᠨ᠂ ᠲᠣᠰ ᠬᠡᠷ ᠪᠠᠶᠢᠰᠢᠩ ᠢ ᠲᠥᠯᠥᠪᠵᠢᠭᠦᠯᠭᠡ ᠶᠣᠰᠣᠭᠠᠷ | ᠲᠠᠲᠠᠪᠤᠷᠢᠯᠠᠬᠤ ᠴᠢᠬᠤᠯᠠᠲᠠᠶ ᠪᠣᠯᠵᠠᠶ᠂ ᠰᠢᠶᠤᠤ ᠣᠪᠣᠭᠲᠤ ᠴᠢᠮᠡᠭᠡ ᠶᠢ ᠣᠯᠵᠤ ᠮᠡᠳᠡᠭᠰᠡᠨ ᠤ ᠳᠠᠷᠠᠭ᠎ᠠ᠂ ᠯᠢᠦ | ᠣᠪᠣᠭᠲᠤ ᠲᠠᠢ ᠬᠠᠷᠢᠯᠴᠠᠵᠤ᠂ ᠲᠡᠭᠦᠨ ᠢ ᠠᠯᠢ ᠲᠦᠷᠭᠡᠨ ᠢᠶᠠᠷ ᠨᠡᠭᠦᠨ ᠰᠢᠯᠵᠢᠵᠦ ᠂ ᠬᠡᠷ ᠪᠠᠶᠢᠰᠢᠩ ᠢ ᠲᠠᠲᠠᠪᠤᠷᠢᠯᠠᠬᠤ | ᠬᠤᠯᠪᠣᠭᠳᠠᠯ ᠪᠥᠬᠦᠶ ᠤᠴᠢᠷ ᠶᠠᠪᠤᠳᠠᠯ ᠢ ᠰᠢᠢᠳᠪᠦᠷᠢᠯᠡᠬᠦ ᠳᠤ ᠲᠥᠬᠦᠮ ᠪᠣᠯᠭᠠᠬᠤ ᠶᠢ ᠬᠦᠰᠡᠪᠡ ᠃ ᠭᠡᠲᠡᠯ᠎ᠡ ᠯᠢᠦ | ᠣᠪᠣᠭᠲᠤ ᠬᠠᠷᠢᠨ ᠨᠡᠭᠦᠬᠦ ᠶᠢ ᠡᠰᠡᠷᠭᠦᠴᠡᠭᠰᠡᠨ ᠪᠥᠭᠡᠳ ᠰᠢᠶᠤᠤ ᠣᠪᠣᠭᠲᠤ ᠠᠴᠠ ᠨᠢᠭᠡ ᠪᠦᠯᠦᠭ ᠪᠡᠯᠡ ᠮᠥᠩᠭᠦ | ᠠᠪᠴᠤ ᠣᠯᠠᠨ ᠵᠢᠯ ᠤᠨ ᠲᠤᠷᠰᠢᠬᠢ ᠭᠡᠷ ᠪᠠᠶᠢᠰᠢᠩ ᠤᠨ ᠬᠠᠮᠠᠭᠠᠯᠠᠯᠲᠠ ᠶᠢᠨ ᠵᠠᠷᠤᠳᠠᠯ ᠪᠣᠯᠭᠠᠬᠤ ᠭᠡᠪᠡ ᠂ ᠲᠡᠷᠡ | ᠣᠯᠠᠨ ᠵᠢᠯ ᠤᠨ ᠲᠤᠷᠰᠢ ᠭᠡᠷ ᠪᠠᠶᠢᠰᠢᠩ ᠤᠨ ᠬᠠᠮᠠᠭᠠᠯᠠᠯᠲᠠ ᠳᠡᠭᠡᠷ᠎ᠡ ᠪᠠᠭ᠎ᠠ ᠪᠤᠰᠤ ᠣᠶᠤᠨ ᠴᠢᠳᠠᠯ ᠪᠠ ᠵᠠᠷᠤᠳᠠᠯ | ᠣᠷᠣᠭᠤᠯᠪᠠ ᠭᠡᠵᠦ ᠢᠯᠡᠳᠭᠡᠪᠡ ᠃ ᠰᠢᠶᠣᠤ ᠣᠪᠣᠭᠲᠤ ᠂ ᠲᠤᠬᠠᠶ ᠶᠢᠨ ᠦᠶ᠎ᠡ ᠳᠤ ᠦᠨ᠎ᠡ ᠲᠥᠯᠥᠪᠦᠷᠢ ᠦᠭᠡᠢ ᠪᠠᠷ | ᠵᠢᠭᠡᠯᠡᠭᠦᠯᠵᠦ ᠰᠠᠭᠤᠯᠭᠠᠪᠠ᠂ ᠡᠳᠦᠷ ᠲᠤᠲᠤᠮ ᠤᠨ ᠬᠠᠮᠠᠭᠠᠯᠠᠯᠲᠠ ᠪᠣᠯ ᠳᠠᠷᠤᠶ ᠯᠢᠦ ᠣᠪᠣᠭᠲᠤ ᠶᠢᠨ ᠭᠦᠢᠴᠡᠳᠬᠡᠪᠡᠰᠦ | ᠵᠣᠬᠢᠬᠤ ᠡᠭᠦᠷᠭᠡ ᠮᠥᠨ᠂ ᠢᠯᠡᠭᠦᠴᠡ ᠵᠠᠷᠤᠳᠠᠯ ᠨᠡᠬᠡᠵᠦ ᠪᠣᠯᠬᠤ ᠦᠭᠡᠢ ᠭᠡᠵᠦ ᠦᠵᠡᠵᠦ ᠂ ᠬᠤᠶᠠᠷ ᠲᠠᠯ᠎ᠠ ᠪᠠᠷ ᠢᠶᠠᠨ | ᠡᠭᠦᠨ ᠠᠴᠠ ᠪᠣᠯᠵᠤ ᠵᠥᠷᠢᠴᠡᠯ ᠡᠭᠦᠰᠴᠡᠢ᠃ ᠣᠯᠠᠨ ᠤᠳᠠᠭ᠎ᠠ ᠵᠥᠪᠳᠡᠯᠴᠡᠵᠦ ᠦᠷ᠎ᠡ ᠳ᠋ᠦᠩ ᠦᠭᠡᠢ ᠪᠣᠯᠤᠭᠰᠠᠨ ᠤ | ᠳᠠᠷᠠᠭ᠎ᠠ᠂ ᠭᠡᠷ ᠪᠠᠶᠢᠰᠢᠩ ᠢ ᠲᠠᠲᠠᠪᠤᠷᠢᠯᠠᠬᠤ ᠶᠢᠨ ᠠᠷᠭ᠎ᠠ ᠦᠭᠡᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠨᠦᠯᠦᠭᠡᠯᠡᠭᠰᠡᠨ ᠠᠴᠠ ᠂ ᠲᠠᠲᠠᠪᠤᠷᠢᠯᠠᠬᠤ ᠠᠵᠢᠯ ᠤᠨ ᠳᠤᠭᠤᠶᠢᠯᠠᠩ ᠲᠣᠰ ᠬᠡᠷᠡᠭ ᠢ ᠰᠢᠭᠤᠶᠢᠲᠤ ᠵᠡᠭᠡᠯᠢ | ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠲᠤ ᠳᠡᠪᠰᠢᠭᠦᠯᠦᠨ ᠡᠶᠡᠳᠡᠭᠦᠯᠦᠨ ᠰᠢᠢᠳᠪᠦᠷᠢᠯᠡᠬᠦ ᠠᠷᠭ᠎ᠠ | ᠡᠷᠢᠯᠬᠢᠯᠡᠪᠡ ᠂ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠨᠢ ︽ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠵᠤ ᠣᠯᠠᠨ ᠡᠰᠢᠲᠦ ᠬᠤᠯᠪᠣᠭᠠᠯᠠᠨ ᠵᠣᠬᠢᠴᠠᠭᠤᠯᠬᠤ︾ ᠲᠣᠭᠲᠠᠴᠠ ᠶᠢ ᠳᠠᠷᠦ᠋ᠢᠬᠠᠨ | ᠡᠬᠢᠯᠡᠭᠦᠯᠵᠦ᠂ ᠡᠶᠡᠳᠡᠭᠦᠯᠬᠦ ᠳᠤᠭᠤᠶᠢᠯᠠᠩ ᠵᠣᠬᠢᠶᠠᠨ ᠪᠠᠶᠢᠭᠤᠯᠵᠤ ᠡᠶᠡᠳᠡᠭᠦᠯᠪᠡ ᠃ | ᠬᠤᠶᠠᠷ᠂ ᠡᠶᠡᠳᠡᠭᠦᠯᠦᠭᠡ ᠶᠢᠨ ᠶᠠᠪᠤᠴᠠ | ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠲᠣᠰ ᠵᠢᠭᠤᠷᠠᠯᠳᠤᠭᠠᠨ ᠢ ᠬᠦᠯᠢᠶᠡᠨ ᠠᠪᠤᠭᠰᠠᠨ ᠤ | ᠳᠠᠷᠠᠭ᠎ᠠ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ᠂ ᠨᠡᠶᠢᠭᠡᠮ ᠲᠣᠭᠤᠷᠢᠭ ᠤᠨ ᠠᠵᠢᠯᠲᠠᠨ ᠢᠶᠠᠷ ᠪᠦᠷᠢᠯᠳᠦᠭᠰᠡᠨ | ᠡᠶᠡᠳᠡᠭᠦᠯᠬᠦ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠨᠠᠮ ᠤᠨ ᠲᠥᠯᠥᠭᠡᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠡᠶᠡᠳᠡᠭᠦᠯᠭᠡ ᠶᠢᠨ ᠵᠥᠪᠯᠡᠯ | ᠬᠠᠮᠲᠤᠷᠠᠨ ᠣᠷᠣᠯᠴᠠᠪᠠ᠃ ᠶᠡᠷᠤᠩᠬᠡᠶᠢᠯᠡᠨ ᠵᠠᠰᠠᠬᠤ ᠲᠦᠪ ᠨᠢ ᠬᠠᠤᠯᠢ ᠵᠦᠢ᠂ ᠶᠤᠰᠤ ᠵᠦᠢ ᠶᠢᠨ ᠲᠠᠯ᠎ᠠ ᠠᠴᠠ | ᠭᠠᠷᠳᠠᠵᠦ᠂ ᠬᠤᠶᠠᠷ ᠲᠠᠯ᠎ᠠ ᠶᠢᠨ ᠵᠦᠷᠢᠴᠡᠯ ᠢ ᠠᠭᠠᠵᠢᠮ ᠢᠶᠠᠷ ᠨᠠᠮᠳᠠᠭᠠᠪᠠ᠄ | ︵ᠨᠢᠭᠡ︶ ᠶᠣᠰᠣ ᠤᠴᠢᠷ ᠶᠡᠷᠢᠵᠤ᠂ ᠡᠷᠬᠡ ᠬᠠᠷᠢᠭᠤᠴᠠᠯᠭ᠎ᠠ ᠶᠢ ᠲᠣᠳᠤᠷᠬᠠᠶᠢᠯᠠᠪᠠ | ᠡᠶᠡᠳᠡᠭᠦᠯᠬᠦ ᠳᠤᠭᠤᠶᠢᠯᠠᠩ ᠤᠷᠢᠳᠠᠪᠠᠷ ᠬᠤᠶᠠᠷ ᠲᠠᠯ᠎ᠠ ᠶᠢᠨ ᠬᠢᠨ ᠳᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠲᠦᠭᠡᠮᠡᠯᠵᠢᠭᠦᠯᠪᠡ᠃ ︽ᠢᠷᠭᠡᠨ ᠤ ᠬᠠᠤᠯᠢ ᠶᠢᠨ ᠪᠢᠴᠢᠭ︾ ᠤᠨ ᠬᠡᠷ ᠪᠠᠶᠢᠰᠢᠩ ᠤᠨ | ᠥᠮᠴᠢᠯᠡᠬᠦ ᠡᠷᠬᠡ ᠪᠠ ᠵᠢᠭᠡᠯᠡᠨ ᠬᠡᠷᠡᠭᠯᠡᠬᠦ ᠬᠠᠷᠢᠴᠠᠭᠠᠨ ᠤ ᠲᠤᠬᠠᠶ ᠲᠣᠭᠲᠠᠭᠠᠯ ᠢ ᠦᠨᠳᠦᠰᠦᠯᠡᠨ᠂ ᠰᠢᠶᠤᠤ ᠣᠪᠣᠭᠲᠤ | ᠬᠡᠷ ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠪᠣᠯᠤᠭᠰᠠᠨ ᠤ ᠬᠤᠪᠢ ᠳᠤ᠂ ᠬᠡᠷ ᠪᠠᠶᠢᠰᠢᠩ ᠢᠶᠠᠨ ᠡᠵᠡᠮᠰᠢᠬᠦ᠂ | ᠬᠡᠷᠡᠭᠯᠡᠬᠦ᠂ ᠠᠰᠢᠭ ᠭᠥᠷᠳᠡᠬᠦ ᠪᠠ ᠰᠢᠢᠳᠪᠦᠷᠢᠯᠡᠬᠦ ᠡᠷᠬᠡ ᠲᠠᠢ᠂ ᠲᠠᠲᠠᠪᠤᠷᠢᠯᠠᠬᠤ ᠵᠡᠷᠭᠡ ᠵᠦᠶ ᠵᠣᠬᠢᠰᠲᠠᠶ ᠪᠠᠶᠢᠳᠠᠯ | ᠳᠣᠤᠷ᠎ᠠ᠂ ᠵᠢᠭᠡᠯᠡᠨ ᠰᠠᠭᠤᠭᠰᠠᠨ ᠯᠢᠦ ᠣᠪᠤᠭᠲᠤ ᠶᠢ ᠨᠡᠭᠦᠬᠦ ᠶᠢ ᠱᠠᠭᠠᠷᠳᠠᠬᠤ ᠡᠷᠬᠡ ᠲᠠᠢ ᠭᠡᠵᠦ ᠲᠣᠳᠤᠷᠬᠠᠶᠢᠯᠠᠪᠠ ᠃ | ᠡᠭᠦᠨ ᠤ ᠬᠠᠮᠲᠤ᠂ ᠯᠢᠦ ᠣᠪᠣᠭᠲᠤ ᠶᠢᠨ ᠳᠤᠷᠠᠳᠤᠭᠰᠠᠨ ᠪᠠᠯᠠ ᠮᠥᠩᠭᠦ ᠶᠢᠨ ᠬᠦᠰᠡᠯ ᠱᠠᠭᠠᠷᠳᠠᠯᠭ᠎ᠠ ᠳᠤ ᠠᠵᠢᠯᠲᠠᠨ᠂ | ᠬᠡᠳᠦ᠋ᠢᠪᠡᠷ ᠯᠢᠦ ᠣᠪᠣᠭᠲᠤ ᠭᠡᠷ ᠪᠠᠶᠢᠰᠢᠩ ᠢ ᠬᠠᠮᠠᠭᠠᠯᠠᠭᠰᠠᠨ ᠪᠣᠯᠪᠠᠴᠤ ᠬᠤᠶᠠᠷ ᠲᠠᠯ᠎ᠠ ᠪᠠᠷ ᠢᠶᠠᠨ ᠦᠨ᠎ᠡ | ᠲᠥᠯᠥᠪᠦᠷᠢ ᠥᠬᠡᠶ ᠪᠠᠷ ᠵᠢᠭᠡᠯᠡᠵᠦ ᠬᠡᠷᠡᠭᠯᠡᠭᠰᠡᠨ ᠪᠥᠭᠡᠳ ᠡᠳᠦᠷ ᠲᠤᠲᠤᠮ ᠤᠨ ᠬᠠᠮᠠᠭᠠᠯᠠᠯᠲᠠ ᠶᠢ ᠵᠦᠪᠬᠡᠨ ᠠᠮᠠᠨ | ᠳᠡᠭᠡᠷ᠎ᠡ ᠪᠠᠨ ᠪᠣᠯᠵᠤᠭᠰᠠᠨ ᠤᠷᠢᠲᠠᠯ ᠳᠣᠤᠷ᠎ᠠ᠂ ᠯᠢᠦ ᠣᠪᠣᠭᠲᠤ ᠥᠨᠳᠥᠷ ᠲᠣᠭᠠᠨ ᠤ ᠨᠥᠬᠦᠪᠥᠷᠢ ᠵᠠᠷᠤᠳᠠᠯ ᠢ | ᠵᠣᠷᠢᠬᠤ ᠳᠤ ᠬᠦᠴᠢᠷᠲᠡᠶ᠃ ᠵᠥᠪᠬᠡᠨ ᠲᠣᠳᠣᠷᠬᠠᠶ ᠪᠢᠴᠢᠭ ᠤᠨ ᠪᠣᠯᠵᠣᠨ ᠲᠣᠭᠲᠠᠭᠰᠠᠨ ᠵᠦᠢᠯ ᠣᠷᠣᠰᠢᠵᠤ᠂ | ᠡᠰᠡᠬᠦᠯ᠎ᠡ ᠬᠠᠮᠠᠭᠠᠯᠠᠬᠤ ᠦᠢᠯᠡ ᠠᠵᠢᠯᠯᠠᠭ᠎ᠠ ᠨᠢ ᠬᠡᠪ ᠤᠨ ᠡᠳᠦᠷ ᠲᠤᠲᠤᠮ ᠤᠨ ᠬᠠᠮᠠᠭᠠᠯᠠᠬᠤ ᠬᠡᠪᠴᠢᠶᠡᠨ ᠠᠴᠠ | ᠳᠠᠪᠠᠭᠰᠠᠨ ᠪᠥᠭᠡᠳ ᠰᠢᠶᠤᠤ ᠣᠪᠣᠭᠲᠤ ᠶᠢᠨ ᠵᠥᠪᠰᠢᠶᠡᠷᠡᠯ ᠵᠡᠷᠭᠡ ᠣᠨᠴᠠ ᠲᠣᠭᠲᠠᠭᠰᠠᠨ ᠪᠠᠶᠢᠳᠠᠯ ᠳᠤᠤᠷ᠎ᠠ ᠰᠠᠶ᠋ᠢ | ᠵᠣᠬᠢᠴᠠᠩᠭᠤᠶ ᠨᠥᠬᠦᠪᠥᠷᠢ ᠣᠯᠵᠤ ᠮᠡᠳᠡᠨ᠎ᠡ ᠭᠡᠵᠦ ᠲᠠᠶᠢᠯᠪᠤᠷᠢᠯᠠᠪᠠ ᠃ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ | ᠲᠠᠶᠢᠯᠪᠤᠷᠢᠯᠠᠯᠲᠠ ᠪᠠᠷ ᠳᠠᠮᠵᠢᠭᠤᠯᠤᠨ᠂ ᠬᠤᠶᠠᠷ ᠲᠠᠯ᠎ᠠ ᠶᠢᠨ ᠬᠢᠨ ᠲᠣᠰ ᠪᠡᠶ᠎ᠡ ᠶᠢᠨ ᠡᠷᠬᠡ ᠡᠭᠦᠷᠭᠡ ᠶᠢᠨ ᠲᠤᠬᠠᠶ | ᠲᠣᠳᠣᠷᠬᠠᠶ ᠲᠠᠨᠢᠯᠲᠠ ᠲᠠᠢ ᠪᠣᠯᠪᠠ᠃ | ︵ᠬᠤᠶᠠᠷ︶ ᠰᠡᠳᠭᠢᠯᠭᠡ ᠪᠠᠷ ᠤᠶᠠᠷᠠᠭᠤᠯᠵᠤ᠂ ᠵᠢᠭᠤᠷᠠᠯᠳᠤᠭᠠᠨ ᠢ ᠨᠠᠮᠳᠠᠭᠤᠯᠪᠠ | ᠡᠶᠡᠳᠡᠭᠦᠯᠬᠦ ᠳᠤᠭᠤᠶᠢᠯᠠᠩ ᠪᠠᠰᠠ ᠬᠤᠶᠠᠷ ᠲᠠᠯ᠎ᠠ ᠶᠢᠨ ᠤᠯᠠᠨ ᠵᠢᠯ ᠤᠨ ᠨᠥᠬᠦᠷᠰᠡᠭ ᠬᠠᠷᠢᠴᠠᠭ᠎ᠠ ᠵᠢᠴᠢ | ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠬᠠᠷᠠᠭᠠᠰᠤ ᠠᠴᠠ ᠡᠭᠦᠰᠴᠦ᠂ ᠰᠢᠶᠤᠤ ᠣᠪᠣᠭᠲᠤ ᠪᠣᠯᠤᠨ ᠯᠢᠦ | ᠣᠪᠣᠭᠲᠤ ᠲᠠᠢ ᠲᠤᠰ ᠲᠤᠰ ᠰᠡᠳᠬᠢᠯ ᠤᠨ ᠦᠭᠡ ᠪᠠᠨ ᠶᠠᠷᠢᠯᠴᠠᠵᠠᠢ᠃ ᠰᠢᠶᠤᠤ ᠣᠪᠣᠭᠲᠤ ᠳᠤ᠂ ᠯᠢᠦ ᠣᠪᠣᠭᠲᠤ | ᠣᠯᠠᠨ ᠵᠢᠯ ᠣᠷᠣᠰᠢᠨ ᠰᠠᠭᠤᠭᠰᠠᠨ ᠬᠤᠭᠤᠴᠠᠭᠠᠨ ᠳᠤ ᠬᠡᠷ ᠪᠠᠶᠢᠰᠢᠩ ᠶᠢ ᠦᠨᠡᠨ ᠬᠦ ᠵᠣᠬᠢᠬᠤ ᠬᠡᠮᠵᠢᠶ᠎ᠡ ᠪᠠᠷ | ᠬᠠᠮᠠᠭᠠᠯᠠᠵᠠᠢ ᠂ ᠬᠡᠳᠦ᠋ᠢᠪᠡᠷ ᠬᠠᠤᠯᠢ ᠴᠠᠭᠠᠵᠠ ᠶᠢᠨ ᠶᠣᠰᠣᠭᠠᠷ ᠥᠨᠳᠥᠷ ᠲᠣᠭᠠᠨ ᠤ ᠨᠥᠬᠦᠪᠥᠷᠢ ᠥᠭᠬᠦ ᠴᠢᠬᠤᠯᠠ | ᠥᠬᠡᠶ ᠪᠣᠯᠪᠠᠴᠤ ᠨᠥᠬᠦᠷᠯᠡᠯ ᠤᠨ ᠲᠠᠯ᠎ᠠ ᠠᠴᠠ ᠵᠣᠬᠢᠬᠤ ᠬᠡᠮᠵᠢᠶᠡᠨ ᠤ ᠲᠠᠯᠠᠷᠬᠠᠯ ᠤᠨ ᠴᠢᠨᠠᠷᠲᠠᠶ ᠬᠠᠷᠢᠭᠤ ᠥᠭᠴᠦ | ᠪᠣᠯᠤᠨ᠎ᠠ ᠭᠡᠵᠦ ᠢᠯᠡᠷᠬᠡᠶᠢᠯᠡᠪᠡ ︔ ᠯᠢᠦ ᠣᠪᠣᠭᠲᠤ ᠳᠤ ᠂ ᠰᠢᠶᠤᠤ ᠣᠪᠣᠭᠲᠤ ᠶᠢᠨ ᠦᠨ᠎ᠡ ᠲᠥᠯᠥᠪᠦᠷᠢ ᠥᠬᠡᠶ ᠪᠠᠷ | ᠬᠡᠷ ᠪᠠᠶᠢᠰᠢᠩ ᠵᠢᠭᠡᠯᠡᠭᠦᠯᠦᠭᠰᠡᠨ ᠨᠢ ᠢᠲᠡᠭᠡᠯ ᠪᠠ ᠨᠥᠬᠦᠷᠯᠡᠯ ᠠᠴᠠ ᠪᠣᠯᠤᠭᠰᠠᠨ ᠶᠤᠮ᠂ ᠣᠲᠣ ᠲᠠᠲᠠᠪᠤᠷᠢᠯᠠᠯᠲᠠ ᠶᠢ | ᠵᠦᠶ ᠵᠣᠬᠢᠰᠲᠠᠶ ᠬᠤᠷᠢᠶᠠᠨ ᠠᠪᠬᠤ ᠬᠡᠷᠡᠭᠴᠡᠭᠡ ᠲᠠᠢ ᠪᠣᠯᠬᠤᠷ᠂ ᠬᠡᠲᠦᠷᠡᠲᠡᠯ᠎ᠡ ᠵᠠᠷᠤᠳᠠᠯ ᠨᠡᠬᠡᠵᠦ ᠪᠣᠯᠬᠤ ᠥᠬᠡᠶ᠂ | ᠣᠯᠠᠨ ᠵᠢᠯ ᠤᠨ ᠨᠥᠬᠦᠷᠯᠡᠯ ᠢ ᠬᠠᠭᠠᠴᠠᠭᠤᠯᠤᠨᠠ ᠭᠡᠵᠦ ᠴᠢᠬᠤᠯᠠᠴᠢᠯᠠᠪᠠ ᠃ ᠡᠭᠦᠨ ᠠᠴᠠ ᠭᠠᠳᠠᠨ᠎ᠠ᠂ ᠨᠡᠶᠢᠭᠡᠮ | ᠲᠣᠭᠤᠷᠢᠭ ᠤᠨ ᠠᠵᠢᠯᠲᠠᠨ ᠵᠥᠪᠳᠡᠯᠴᠡᠬᠦ ᠪᠠᠷ ᠳᠡᠮᠵᠢᠨ᠂ ᠯᠢᠦ ᠣᠪᠣᠭᠲᠤ ᠶᠢ ᠠᠭᠤᠷᠬᠠᠶ ᠶᠢᠨ ᠬᠤᠶᠠᠳᠤᠭᠠᠷ ᠪᠠᠭ᠎ᠠ | ᠰᠤᠷᠭᠠᠭᠤᠯᠢ ᠶᠢᠨ ᠰᠠᠭᠤᠭᠠᠯᠢ ᠠᠷᠠᠳ ᠤᠨ ᠠᠰᠠᠷ ᠲᠤ ᠲᠥᠪᠬᠢᠨᠡᠭᠦᠯᠬᠦ ᠶᠢᠨ ᠬᠠᠮᠲᠤ ᠲᠡᠭᠦᠨ ᠢ ᠬᠠᠪᠰᠤᠷᠤᠨ | ᠬᠠᠮᠲᠤ ᠪᠠᠷ ᠨᠡᠭᠦᠯᠭᠡᠵᠦ᠂ ᠲᠡᠳᠡᠨ ᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠨ᠎ᠡ ᠭᠡᠵᠦ ᠵᠢᠭᠠᠵᠤ ᠭᠠᠷᠭᠠᠪᠠ᠃ | ᠭᠤᠷᠪᠠ᠂ ᠡᠶᠡᠳᠡᠭᠦᠯᠭᠡ ᠶᠢᠨ ᠦᠷ᠎ᠡ ᠳ᠋ᠦᠩ | ᠶᠡᠷᠦᠩᠬᠡᠶᠢᠯᠡᠨ ᠵᠠᠰᠠᠬᠤ ᠲᠥᠪ ᠤᠨ ᠡᠶᠡᠳᠡᠭᠦᠯᠬᠦ ᠳᠤᠭᠤᠶᠢᠯᠠᠩ ᠤᠨ ᠬᠦᠯᠢᠴᠡᠩᠭᠦᠢ ᠨᠢᠮᠪᠠᠢ ᠠᠵᠢᠯ ᠢᠶᠠᠷ | ᠳᠠᠮᠵᠢᠨ᠂ ᠰᠢᠶᠤᠤ ᠣᠪᠣᠭᠲᠤ ᠪᠣᠯᠤᠨ ᠯᠢᠦ ᠣᠪᠣᠭᠲᠤ ᠴᠥᠮ ᠨᠠᠶᠢᠷ ᠲᠠᠯᠪᠢᠵᠠᠢ᠃ ᠰᠢᠶᠤᠤ ᠣᠪᠣᠭᠲᠤ ᠣᠯᠠᠨ | ᠵᠢᠯ ᠤᠨ ᠨᠥᠬᠦᠷᠯᠡᠯ ᠵᠢᠴᠢ ᠯᠢᠦ ᠣᠪᠣᠭᠲᠤ ᠶᠢᠨ ᠴᠢᠷᠮᠠᠶᠢᠯᠭ᠎ᠠ ᠶᠢ ᠪᠣᠳᠣᠯᠬᠢᠯᠠᠭᠠᠳ ᠯᠢᠦ ᠣᠪᠣᠭᠲᠤ ᠳᠤ ᠲᠠᠯᠠᠷᠬᠠᠵᠤ | ᠪᠠᠶᠢᠬᠤ ᠪᠠᠨ ᠢᠯᠡᠳᠭᠡᠪᠡ︔ ᠯᠢᠦ ᠣᠪᠣᠭᠲᠤ ᠪᠠᠰᠠ ᠥᠪᠡᠷ ᠤᠨ ᠱᠠᠭᠠᠷᠳᠠᠯᠭ᠎ᠠ ᠨᠢ ᠵᠦᠶ ᠵᠣᠬᠢᠰ ᠦᠭᠡᠢ ᠪᠠᠶᠢᠬᠤ | ᠲᠠᠯ᠎ᠠ ᠪᠠᠨ ᠲᠠᠨᠢᠵᠤ᠂ ᠨᠢᠭᠡ ᠭᠠᠷᠠᠭ ᠤᠨ ᠳᠣᠲᠣᠷ᠎ᠠ ᠨᠡᠭᠦᠬᠦ ᠶᠢ ᠵᠥᠪᠰᠢᠶᠡᠷᠡᠪᠡ᠃ ᠡᠭᠦᠨ ᠤ ᠬᠠᠮᠲᠤ᠂ ᠯᠢᠦ | ᠣᠪᠣᠭᠲᠤ ᠳᠤ ᠲᠣᠬᠢᠷᠠᠮᠵᠢᠲᠠᠶ ᠲᠦᠷ ᠴᠠᠭ ᠤᠨ ᠣᠷᠣᠨ ᠰᠠᠭᠤᠴᠠ ᠣᠯᠭᠤᠵᠤ᠂ ᠲᠡᠭᠦᠨ ᠢ ᠬᠠᠪᠰᠤᠷᠤᠨ ᠨᠡᠭᠦᠯᠭᠡᠬᠦ | ᠤᠴᠢᠷ ᠶᠠᠪᠤᠳᠠᠯ ᠢ ᠬᠢᠵᠦ ᠥᠭᠪᠡ᠃ ᠬᠤᠶᠠᠷ ᠲᠠᠯ᠎ᠠ ᠪᠠᠷ ᠢᠶᠠᠨ ᠡᠴᠦᠰ ᠲᠡᠭᠡᠨ ᠡᠶᠡᠳᠡᠵᠦ᠂ ᠡᠨᠡ ᠬᠦ ᠭᠡᠷ | ᠪᠠᠶᠢᠰᠢᠩ ᠤᠨ ᠣᠷᠣᠰᠢᠨ ᠰᠠᠭᠤᠬᠤ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠬᠠᠤᠯᠢ ᠴᠠᠭᠠᠵᠠ ᠶᠢᠨ ᠨᠡᠷ᠎ᠡ | ᠬᠦᠨᠳᠦ ᠶᠢ ᠬᠠᠮᠠᠭᠠᠯᠠᠭᠰᠠᠨ ᠮᠥᠷᠲᠡᠭᠡᠨ ᠪᠠᠰᠠ ᠨᠠᠶᠢᠷ ᠲᠠᠯ᠎ᠠ ᠶᠢᠨ ᠬᠡᠷᠡᠭ ᠢ ᠬᠠᠮᠲᠤ ᠳᠤᠨᠢ ᠬᠠᠷᠠᠭᠠᠯᠵᠠᠵᠤ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠤᠭᠰᠠᠨ ᠪᠠᠶᠢᠨ᠎ᠠ᠃ | ᠳᠥᠷᠪᠡ᠂ ᠲᠣᠬᠢᠷᠠᠬᠤ ᠬᠠᠤᠯᠢ ᠴᠠᠭᠠᠵᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ | ᠬᠤᠶᠠᠷ ᠵᠠᠭᠤ ᠳᠥᠴᠢᠳᠦᠭᠡᠷ ᠵᠦᠢᠯ ᠄ ︽ᠥᠮᠴᠢᠯᠡᠯ ᠤᠨ ᠡᠷᠬᠡᠲᠦ ᠬᠥᠮᠦᠨ ᠨᠢ ᠥᠪᠡᠷ ᠤᠨ ᠥᠯᠥ ᠬᠥᠳᠡᠯᠬᠦ | ᠬᠥᠷᠥᠩᠭᠡ ᠪᠤᠶᠤ ᠬᠥᠳᠡᠯᠬᠦ ᠬᠥᠷᠥᠩᠭᠡ ᠪᠠᠨ ᠬᠠᠤᠯᠢ ᠶᠣᠰᠣᠭᠠᠷ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ | ᠰᠢᠢᠳᠪᠦᠷᠢᠯᠡᠬᠦ ᠡᠷᠬᠡ ᠲᠠᠢ︾ ᠭᠡᠵᠦ ᠲᠣᠭᠲᠠᠭᠠᠵᠠᠶ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ | ᠵᠢᠷᠭᠤᠭᠠᠨ ᠵᠠᠭᠤ ᠵᠢᠷᠠᠳᠤᠭᠠᠷ ᠵᠦᠢᠯ ᠳᠤ᠄ ︽ᠠᠯᠪᠠᠨ ᠭᠡᠷᠡᠴᠢᠯᠡᠭᠡ ᠬᠢᠯᠭᠡᠭᠰᠡᠨ ᠪᠡᠯᠡᠭᠯᠡᠵᠦ ᠥᠭᠬᠦ ᠭᠡᠷ᠎ᠡ ᠪᠤᠶᠤ | ᠬᠠᠤᠯᠢ ᠶᠣᠰᠣᠭᠠᠷ ᠬᠦᠴᠦᠨ ᠦᠭᠡᠢ ᠪᠣᠯᠭᠠᠵᠤ ᠪᠣᠯᠬᠤ ᠦᠭᠡᠢ᠂ ᠭᠠᠮᠰᠢᠭ ᠠᠴᠠ ᠠᠪᠤᠷᠠᠬᠤ᠂ ᠶᠠᠳᠠᠭᠤ ᠶᠢ ᠲᠡᠳᠬᠦᠬᠦ᠂ | ᠵᠡᠮᠳᠡᠭᠴᠦᠳ ᠢ ᠲᠤᠰᠠᠯᠠᠬᠤ ᠵᠡᠷᠭᠡ ᠨᠡᠶᠢᠲᠡ ᠶᠢᠨ ᠠᠰᠠᠷᠠᠮᠵᠢ᠂ ᠶᠣᠰᠣ ᠮᠣᠷᠠᠯ ᠤᠨ ᠡᠭᠦᠷᠭᠡ ᠶᠢᠨ ᠰᠢᠨᠵᠢ ᠴᠢᠨᠠᠷ ᠲᠠᠢ | ᠪᠡᠯᠡᠭᠯᠡᠵᠦ ᠥᠭᠬᠦ ᠭᠡᠷ᠎ᠡ ᠳᠤ᠂ ᠪᠡᠯᠡᠭᠯᠡᠭᠴᠢ ᠪᠡᠯᠡᠭᠯᠡᠵᠦ ᠥᠭᠬᠦ ᠪᠠᠨ ᠥᠭᠬᠦ ᠦᠭᠡᠢ ᠪᠣᠯ ᠬᠦᠯᠢᠶᠡᠨ ᠠᠪᠤᠭᠴᠢ | ᠲᠤᠰᠢᠶᠠᠨ ᠥᠭᠬᠦ ᠪᠠᠷ ᠭᠤᠶᠤᠴᠢᠯᠠᠵᠤ ᠪᠣᠯᠤᠨ᠎ᠠ᠃ ᠡᠮᠦᠨᠡᠬᠢ ᠪᠠᠳᠠᠭ ᠤᠨ ᠲᠣᠭᠲᠠᠭᠠᠯ ᠢ ᠦᠨᠳᠦᠰᠦᠯᠡᠨ ᠲᠤᠰᠢᠶᠠᠵᠤ | ᠥᠭᠬᠦ ᠶᠣᠰᠣᠲᠠᠢ ᠪᠡᠯᠡᠭᠯᠡᠵᠦ ᠥᠭᠬᠦ ᠡᠳ᠋ ᠬᠥᠷᠥᠩᠭᠡ ᠨᠢ ᠪᠡᠯᠡᠭᠯᠡᠭᠴᠢ ᠶᠢᠨ ᠵᠣᠷᠢᠭᠤᠳᠠ ᠪᠤᠶᠤ ᠴᠢᠬᠤᠯᠠ ᠶᠡᠭᠡ | ᠠᠳᠡᠯ ᠠᠴᠠ ᠪᠣᠯᠵᠤ ᠰᠦᠶᠢᠳᠴᠦ᠂ ᠤᠰᠠᠳᠤᠭᠰᠠᠨ ᠪᠠᠶᠢᠪᠠᠯ ᠪᠡᠯᠡᠭᠯᠡᠭᠴᠢ ᠲᠥᠯᠥᠬᠦ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ ︾᠃ ᠲᠤᠰ ᠬᠡᠷᠡᠭ ᠤᠨ ᠵᠢᠱᠢᠶ᠎ᠡ ᠳᠤ ᠬᠡᠳᠦ᠋ᠢᠪᠡᠷ ᠭᠡᠷ ᠪᠠᠶᠢᠰᠢᠩ ᠵᠢᠭᠡᠯᠡᠨ ᠬᠡᠷᠡᠭᠯᠡᠬᠦ ᠬᠠᠷᠢᠴᠠᠭ᠎ᠠ ᠂ | ᠪᠡᠯᠡᠭᠯᠡᠨ ᠬᠦᠷᠭᠡᠬᠦ ᠬᠠᠷᠢᠴᠠᠭ᠎ᠠ ᠪᠢᠰᠢ ᠪᠣᠯᠪᠠᠴᠤ ᠬᠤᠶᠠᠷ ᠲᠠᠯ᠎ᠠ ᠶᠢᠨ ᠡᠷᠬᠡ ᠡᠭᠦᠷᠭᠡ ᠶᠢ ᠵᠠᠭᠠᠭᠯᠠᠨ ᠲᠣᠭᠲᠠᠭᠠᠬᠤ | ᠲᠠᠯ᠎ᠠ ᠪᠠᠷ᠂ ᠥᠮᠴᠢᠯᠡᠯ ᠤᠨ ᠡᠷᠬᠡ ᠬᠤᠯᠪᠣᠭᠳᠠᠯ ᠪᠦᠬᠦᠢ ᠲᠣᠭᠲᠠᠭᠠᠯ ᠳᠤ ᠵᠠᠩᠭᠢᠯᠠᠭ᠎ᠠ ᠶᠢᠨ ᠦᠢᠯᠡᠳᠦᠯ | ᠦᠵᠡᠭᠦᠯᠵᠦ᠂ ᠰᠢᠶᠤᠤ ᠣᠪᠣᠭᠲᠤ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠤ ᠭᠤᠣᠯ ᠡᠷᠬᠡ ᠠᠰᠢᠭ ᠢ | ᠲᠣᠳᠣᠷᠬᠠᠶᠢᠯᠠᠪᠠ᠃ | |