ᠰᠢᠭᠤᠶᠢᠲᠤ ᠵᠡᠭᠡᠯᠢ ᠭᠤᠳᠤᠮᠵᠢ ︽ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/10
        ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢᠨᠲᠥᠯᠥᠭᠡ᠂ ᠰᠢᠭᠤᠶᠢᠲᠤ ᠵᠡᠭᠡᠯᠢ ᠭᠤᠳᠤᠮᠵᠢ ᠣᠶᠢᠷ᠎ᠠ ᠳᠤ ︽ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
图片4.png
        ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠪᠡ᠃ ᠠᠵᠢᠯᠲᠠᠳ ᠣᠯᠠᠨ ᠲᠦᠮᠡᠨ ᠤ ᠠᠩᠬᠠᠷᠴᠤ ᠪᠠᠶᠢᠭ᠎ᠠ ᠤᠷᠤᠭ ᠭᠡᠷ ᠪᠦᠯᠢ᠂ ᠡᠳ᠋ ᠬᠥᠷᠥᠩᠭᠡ ᠶᠢᠨ ᠵᠠᠯᠭᠠᠮᠵᠢᠯᠠᠯ᠂ ᠭᠡᠷ᠎ᠡ ᠶᠢᠨ ᠵᠢᠭᠤᠷᠠᠯᠳᠤᠭᠠᠨ᠂ ᠥᠨᠳᠥᠷ ᠣᠭᠲᠠᠷᠭᠤᠶ ᠠᠴᠠ ᠡᠳ᠋ ᠪᠣᠳᠠᠰ ᠬᠠᠶᠠᠬᠤ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠵᠦᠢᠯ ᠵᠤᠷᠪᠤᠰ ᠢ ᠣᠯᠠᠨ ᠲᠦᠮᠡᠨ ᠤ ᠰᠣᠨᠣᠰᠴᠤ ᠣᠶᠢᠯᠠᠭᠠᠬᠤ ᠠᠮᠢᠳᠤᠷᠠᠯ ᠤᠨ ᠶᠣᠰᠣ ᠤᠴᠢᠷ ᠪᠣᠯᠭᠠᠨ ᠬᠤᠪᠢᠷᠠᠭᠤᠯᠪᠠ᠃ ᠡᠭᠦᠨ ᠤ ᠬᠠᠮᠲᠤ ᠪᠠᠰᠠ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠬᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠵᠣᠷᠢᠭᠵᠢᠭᠤᠯᠪᠠ ᠃
图片5.png
         ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠲᠠᠰᠤᠷᠠᠯᠲᠠ ᠦᠭᠡᠢ ᠠᠩᠬᠠᠷᠴᠤ᠂ ᠡᠷᠡᠭᠦᠯᠵᠢᠯ ᠤᠨ ᠪᠣᠯᠪᠠᠰᠤᠷᠠᠯ᠂ ᠲᠤᠰᠠᠯᠠᠬᠤ ᠪᠠᠭᠠᠵᠢ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠡᠮᠳᠡᠭᠴᠦᠳ  ᠲᠤ ᠨᠡᠩ ᠴᠢᠨᠠᠷ ᠰᠠᠶᠢᠲᠠᠢ ᠠᠮᠢᠳᠤᠷᠠᠯ ᠢ ᠬᠦᠷᠲᠡᠭᠡᠬᠦ ᠳᠤ ᠬᠦᠴᠦᠨ ᠨᠡᠮᠡᠷᠢᠯᠡᠨ᠎ᠡ᠃     
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号