ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ ᠰᠢᠨ᠎ᠡ ᠲᠥᠷᠥᠯ ᠵᠦᠢᠯ ᠤᠨ ᠠᠵᠢᠯᠴᠢᠨ ᠬᠡᠷᠡᠭᠯᠡᠬᠦ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/6/10
        ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠡᠷᠭᠡᠶᠢᠯᠡᠵᠦ᠂ ᠪᠠᠷᠢᠯᠭ᠎ᠠ ᠶᠢᠨ ᠬᠦᠷᠢᠶᠡᠨ ᠳᠠᠬᠢ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠠᠯᠢᠩ ᠥᠷᠢᠲᠦᠬᠦ ᠳᠠᠯᠳᠠ ᠬᠡᠮ ᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠮᠠᠨ ᠤ ᠲᠤᠭᠤᠷᠢᠭ ᠤᠨ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠵᠢᠯᠣᠭᠤᠳᠬᠤ ᠠᠵᠢᠯ ᠥᠷᠨᠢᠭᠦᠯᠪᠡ᠃
图片1.png
        ᠦᠢᠯᠡᠴᠢᠯᠡᠭᠡᠨ ᠤ ᠶᠠᠪᠤᠴᠠ ᠳᠤ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠠᠵᠢᠯᠲᠠᠨ ᠲᠤᠬᠠᠶ ᠶᠢᠨ ᠲᠠᠯᠠᠪᠠᠶ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ᠂ ᠶᠡᠷᠦᠩᠬᠡᠶ ᠳᠠᠭᠠᠭᠠᠴᠢᠯᠠᠯᠲᠠ ᠶᠢᠨ ᠲᠠᠯ᠎ᠠ ᠠᠴᠠ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠵᠤ᠂ ᠰᠢᠨ᠎ᠡ ᠪᠠᠷ ᠳᠠᠩᠰᠠᠯᠠᠭᠤᠯᠤᠭᠰᠠᠨ ᠲᠥᠷᠥᠯ ᠵᠦᠢᠯ ᠳᠤ ᠬᠠᠨᠳᠤᠯᠭᠠᠲᠤ ᠴᠢᠨᠠᠷᠲᠠᠶ ᠵᠢᠯᠣᠭᠤᠳᠬᠤ ᠦᠢᠯᠡᠴᠢᠯᠡᠭᠡ ᠥᠷᠨᠢᠭᠦᠯᠵᠦ᠂ ᠢᠨᠵᠧᠨᠧᠷᠢᠩ ᠤᠨ ᠵᠣᠭᠤᠰ ᠥᠭᠬᠦ ᠳᠠᠭᠠᠭᠠᠯᠲᠠ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠮᠠᠯᠴᠢᠨ ᠲᠠᠷᠢᠶᠠᠴᠢᠨ ᠬᠦᠴᠦ ᠶᠠᠪᠤᠭᠴᠢ ᠠᠵᠢᠯᠴᠢᠨ ᠬᠡᠷᠡᠭᠯᠡᠬᠦ ᠦᠨᠡᠨ ᠨᠡᠷ᠎ᠡ ᠶᠢᠨ ᠲᠦᠷᠢᠮ᠂ ᠴᠠᠯᠢᠩ ᠤᠨ ᠲᠤᠰᠬᠠᠶ ᠡᠷᠦᠬᠡ ᠶᠢᠨ ᠲᠦᠷᠢᠮ᠂ ᠶᠡᠷᠦᠩᠬᠡᠶ ᠳᠠᠭᠠᠭᠠᠴᠢᠯᠠᠭᠰᠠᠨ ᠪᠠᠩᠬᠢ ᠣᠷᠣᠯᠠᠨ ᠲᠠᠷᠬᠠᠭᠠᠬᠤ ᠳᠦᠷᠢᠮ ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠡᠬᠡ ᠲᠠᠩᠰᠠ᠂ ᠬᠥᠳᠡᠯᠮᠦᠷᠢ ᠶᠢᠨᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠵᠡᠷᠭᠡ ᠭᠤᠭᠴᠣᠭᠠᠨ ᠤ ᠠᠩᠬᠠᠷᠬᠤ ᠵᠦᠢᠯᠡᠰ ᠲᠤ ᠭᠤᠤᠯᠳᠠᠯᠭ᠎ᠠ ᠲᠠᠢ ᠨᠠᠷᠢᠨ ᠲᠠᠶᠢᠯᠤᠮᠵᠢ ᠬᠢᠵᠦ᠂ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠪᠠᠨ ᠵᠢᠷᠤᠮᠵᠢᠭᠤᠯᠬᠤ ᠶᠢ ᠵᠢᠯᠤᠭᠤᠳᠪᠠ ᠃        ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠠᠴᠠ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠶᠢ ᠵᠢᠯᠣᠭᠤᠳᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠤᠰᠬᠠᠶ ᠪᠠᠶᠢᠴᠠᠭᠠᠯᠲᠠ ᠥᠷᠨᠢᠭᠦᠯᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠠᠷᠢᠯᠭ᠎ᠠ ᠶᠢᠨ ᠠᠵᠢᠯ ᠲᠥᠷᠥᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号