ᠵᠠᠩ ᠰᠢᠶᠤᠤ ᠹᠸᠢ ᠳ᠋ᠠ ᠳ᠋ᠧ ᠾᠧᠩ ᠵᠡᠭᠡᠯᠢ ᠭᠤᠳᠤᠮᠵᠢ ᠶᠢᠨ ᠺᠠᠢ ᠵᠧᠦ ᠶᠣᠣ ᠽᠢ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/10
        ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠳ᠋ᠠ ᠳ᠋ᠧ ᠾᠧᠩ ᠵᠡᠭᠡᠯᠢ ᠭᠤᠳᠤᠮᠵᠢ ᠶᠢᠨ ᠺᠠᠶ ᠵᠧᠤ ᠶᠣᠣ ᠽᠢ ᠲᠣᠰᠬᠤᠨ ᠳᠤ ᠬᠦᠷᠴᠦ᠂ ᠲᠦᠩ ᠫᠦ᠋ ᠶᠣᠣ ᠽᠢ ᠲᠣᠰᠬᠤᠨ᠂ ᠶᠠᠩ ᠵᠢᠶᠠ ᠣᠪᠣᠭ᠎ᠠ ᠲᠣᠰᠬᠤᠨ᠂ ᠭᠧ ᠪᠧᠨ ᠭᠸᠦ ᠲᠣᠰᠬᠤᠨ᠂ ᠴᠢᠶᠠᠨ ᠸᠠᠨ ᠲᠣᠰᠬᠤᠨ᠂ ᠺᠠᠶ ᠵᠧᠤ ᠶᠣᠣ ᠽᠢ ᠲᠣᠰᠬᠤᠨ ᠤ ᠪᠣᠶ ᠪᠥᠬᠦᠶ ᠲᠣᠰᠬᠤᠨ ᠤ ᠳᠤᠭᠤᠶᠢᠯᠠᠩ ᠢ ᠪᠠᠶᠢᠴᠠᠭᠠᠨ ᠰᠤᠳᠤᠯᠵᠤ᠂ ᠬᠥᠳᠡᠭᠡ ᠲᠣᠰᠬᠤᠨ ᠤ ᠭᠤᠤᠯᠳᠠᠯᠭ᠎ᠠ ᠪᠣᠯᠬᠤ ᠠᠵᠢᠯ ᠤᠨ ᠲᠣᠭᠤᠷᠢᠨ ᠳᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠴᠢᠭᠯᠡᠯ ᠪᠠ ᠰᠢᠨ᠎ᠡ ᠠᠷᠭ᠎ᠠ ᠵᠠᠮ ᠢ ᠲᠥᠯᠥᠪᠵᠢᠭᠦᠯᠪᠡ᠃        ︽ᠺᠠᠢ ᠵᠧᠦ ᠠᠷᠠᠳ ᠤᠨ ᠰᠠᠭᠤᠴᠠ ᠪᠠ ᠬᠤᠪᠴᠠᠰᠤ ᠤᠬᠢᠶᠠᠬᠤ ᠭᠡᠷ ᠤᠨ ᠲᠥᠷᠥᠯ ᠵᠦᠢᠯ ᠤᠨ ᠣᠳᠣᠬᠠᠨ ᠤ ᠦᠷ᠎ᠡ ᠠᠰᠢᠭ ᠶᠠᠮᠠᠷ ᠵᠡᠷᠭᠡ ᠪᠣᠶ︖ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠬᠡᠳᠦᠢ ᠳᠠᠶᠢᠴᠢᠯᠠᠵᠤ ᠴᠢᠳᠠᠬᠤ ᠪᠤᠢ︖ ︾ ᠵᠠᠩ ᠰᠢᠶᠤᠤ ᠹᠸᠢ ᠨᠠᠷ ᠤᠷᠢᠳ ᠬᠤᠵᠢᠳ ︽985 ᠲᠠᠷᠢᠶᠠᠯᠠᠩ ᠤᠨ ᠲᠠᠯᠠᠪᠠᠢ︾᠂ ᠺᠠᠢ ᠵᠧᠦ ᠠᠷᠠᠳ ᠤᠨ ᠰᠠᠭᠤᠴᠠ ᠪᠣᠯᠤᠨ ᠬᠤᠪᠴᠠᠰᠤ ᠤᠬᠢᠶᠠᠬᠤ ᠭᠡᠷ ᠤᠨ ᠲᠦᠷᠦᠯ ᠵᠦᠢᠯ ᠵᠡᠷᠭᠡ ᠳᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃        ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭ᠎ᠠ᠂ ᠵᠠᠩ ᠰᠢᠶᠤᠤ ᠹᠸᠢ ᠺᠠᠢ ᠵᠧᠦ ᠶᠣᠣ ᠽᠢ ᠲᠣᠰᠬᠤᠨ ᠤ ᠠᠷᠠᠳ ᠤᠨ ᠵᠥᠪᠯᠡᠯ ᠳᠤ ᠰᠠᠭᠤᠳᠠᠯ ᠤᠨ ᠬᠤᠷᠠᠯ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠰᠬᠤᠨ ᠤ ᠠᠷᠠᠳ ᠲᠠᠢ ᠰᠠᠨᠠᠯ ᠢᠶᠠᠨ ᠠᠭᠤᠵᠢᠷᠠᠲᠠᠯ᠎ᠠ ᠶᠠᠷᠢᠵᠤ᠂ ᠬᠥᠭᠵᠢᠯᠲᠡ ᠶᠢᠨ ᠲᠤᠬᠠᠢ ᠶᠠᠷᠢᠯᠴᠠᠪᠠ᠃ ᠲᠡᠷᠡ᠂ ᠺᠠᠢ ᠵᠧᠦ ᠶᠣᠣ ᠽᠢ ᠲᠣᠰᠬᠤᠨ ᠨᠢ ᠰᠢᠨ᠎ᠡ ᠲᠣᠭᠤᠷᠢᠭ᠂ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠢᠳᠡᠭᠡᠨ ᠤ ᠬᠦᠷᠢᠶᠡᠯᠡᠩ ᠲᠣᠭᠤᠷᠢᠭ ᠪᠣᠯᠤᠨ ᠬᠡᠰᠡᠭ ᠦᠵᠡᠮᠵᠢ ᠶᠢᠨ ᠣᠷᠣᠨ ᠠᠴᠠ ᠤᠢᠢᠷ᠎ᠠ ᠪᠠᠶᠢᠭ᠎ᠠ ᠣᠷᠣᠨ ᠪᠠᠶᠢᠷᠢ ᠶᠢᠨ ᠳᠠᠪᠠᠭᠤᠯᠢᠭ ᠲᠠᠢ᠂ ᠨᠡᠩ ᠶᠡᠭᠡ ᠬᠠᠷᠠᠭᠠᠰᠤ ᠠᠴᠠ ᠠᠵᠤ ᠦᠢᠯᠡᠰ ᠲᠣᠰᠬᠤᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠤᠨ ᠬᠡᠷᠡᠭᠴᠡᠭᠡ ᠶᠢᠨ ᠲᠣᠭᠤᠷᠢᠨ ᠳᠤ ᠬᠦᠴᠦᠨ ᠢᠶᠠᠨ ᠲᠥᠪᠯᠡᠷᠡᠭᠦᠯᠦᠨ ᠬᠦᠴᠦᠯᠡᠵᠦ᠂ ᠠᠵᠤ ᠦᠢᠯᠡᠰ ᠢ ᠤᠷᠲᠤᠳᠬᠠᠬᠤ᠂ ᠦᠢᠯᠡᠴᠢᠯᠡᠭᠡ ᠶᠢ ᠵᠣᠯᠭᠠᠭᠤᠯᠬᠤ ᠪᠠᠷ ᠳᠠᠮᠵᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠢᠳᠡᠪᠬᠢᠲᠡᠢ ᠬᠥᠭᠵᠢᠭᠦᠯᠵᠦ᠂ ᠡᠷᠬᠢᠨ ᠲᠣᠭᠤᠷᠢᠨ ᠤ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠮᠥᠷᠲᠡᠭᠡᠨ ᠪᠠᠰᠠ ᠬᠥᠳᠡᠭᠡ ᠲᠣᠰᠬᠤᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠡᠯ᠎ᠡ ᠲᠦᠷᠦᠯ ᠤᠨ ᠠᠵᠤ ᠦᠢᠯᠡᠰ ᠤᠨ ᠲᠦᠷᠦᠯ ᠵᠦᠢᠯ ᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠲᠡᠰ ᠳᠠᠪᠬᠤᠷᠭ᠎ᠠ ᠪᠠᠷ ᠲᠥᠯᠥᠪᠵᠢᠭᠦᠯᠵᠦ᠂ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠬᠦᠳᠦᠯᠦᠨ ᠳᠠᠭᠠᠭᠤᠯᠬᠤ ᠬᠦᠴᠦᠨ ᠢᠶᠠᠷ ᠴᠢᠩᠭ᠎ᠠ᠂ ᠳᠠᠶᠢᠴᠢᠯᠠᠬᠤ ᠬᠦᠴᠦᠨ ᠢᠶᠠᠷ ᠭᠦᠢᠴᠡᠳ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢᠶᠠᠷ ᠬᠤᠳᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠲᠣᠰᠬᠤᠨ ᠤ ᠬᠤᠶᠠᠷ ᠵᠥᠪᠯᠡᠯ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠠᠨ ᠲᠦᠮᠡᠨ ᠤ ᠠᠵᠢᠯ ᠢ ᠨᠠᠷᠢᠨ ᠬᠢᠵᠦ᠂ ᠤᠯᠠᠨ ᠢ ᠳᠠᠭᠠᠭᠤᠯᠤᠨ ᠪᠠᠶᠢᠷᠢᠰᠢᠯ ᠢ ᠨᠡᠭᠡᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠺᠠᠢ ᠵᠧᠦ ᠶᠣᠣ ᠽᠢ ᠲᠣᠰᠬᠤᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠪᠢᠴᠢᠭᠯᠡᠬᠦ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠭᠵᠢᠯᠲᠡ ᠶᠢᠨ ︽ᠪᠣᠭᠤᠮᠲᠠ ᠰᠢᠪᠲᠤᠯᠬᠤ ᠬᠦᠴᠦᠨ︾ ᠢ ᠨᠢᠭᠲᠠᠷᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠪᠥᠬᠦ ᠬᠦᠴᠦᠨ ᠢᠶᠠᠷ ᠢᠶᠠᠨ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃        ᠲᠣᠭᠤᠷᠢᠭ ᠤᠨ ᠤᠳᠤᠷᠢᠳᠤᠯᠭ᠎ᠠ ᠯᠢ ᠴᠢᠩ ᠵᠦᠩ᠂ ᠨᠠᠷᠠᠨᠨᠠ᠂ ᠶᠠᠨ ᠵᠢᠶᠠ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号