ᠨᠠᠮᠴᠢ ᠴᠢᠨᠠᠷ ᠤᠨ ᠰᠠᠭᠤᠷᠢ ᠶᠢ ᠪᠠᠲᠤᠳᠬᠠᠨ ᠨᠠᠮ ᠤᠨ ᠠᠵᠢᠯ ᠤᠨ ᠰᠢᠯᠢᠳᠡᠭ ᠴᠡᠷᠢᠭ ᠢ ᠳᠠᠪᠲᠠᠨ ᠪᠣᠯᠪᠠᠰᠤᠷᠠᠭᠤᠯᠤᠨ᠎ᠠ — ᠰᠢᠭᠤᠶᠢᠲᠤ ᠲᠣᠭᠤᠷᠢᠭ ᠨᠠᠮ ᠤᠨ ᠠᠵᠢᠯ ᠤᠨ ᠠᠵᠢᠯᠲᠠᠨ ᠢ  ᠳᠡᠰ  ᠳᠡᠪᠰᠢᠭᠦᠯᠦᠨ ᠬᠦᠮᠦᠵᠢᠭᠦᠯᠪᠡ
ᠨᠡᠶᠢᠲᠡᠯᠡᠭᠰᠡᠨ ᠴᠠᠭ᠄
2025/6/10
        ᠨᠠᠮᠴᠢ ᠴᠢᠨᠠᠷ ᠢᠶᠠᠷ ᠴᠢᠩᠭ᠎ᠠ᠂ ᠠᠵᠢᠯ ᠨᠢ ᠪᠣᠳᠠᠲᠠᠢ᠂ ᠣᠪᠣᠷ ᠰᠤᠷᠲᠠᠯ ᠨᠢ ᠲᠥᠪ ᠴᠢᠬᠡᠴᠢ ᠨᠠᠮ ᠤᠨ ᠠᠵᠢᠯᠲᠠᠨ ᠤ ᠡᠩᠨᠡᠭᠡ ᠶᠢ ᠲᠦᠷᠭᠡᠨ ᠬᠥᠮᠦᠵᠢᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠨᠠᠮ ᠤᠨ ᠠᠵᠢᠯ ᠤᠨ ᠺᠠᠳ᠋ᠷ ᠤᠨ ︽ᠬᠤᠰᠢᠭᠤᠴᠢ ᠳᠠᠪᠲᠠᠯᠲᠠ︾ ᠶᠢᠨ ᠲᠦᠷᠦᠯ ᠵᠦᠢᠯ ᠢ ᠶᠡᠬᠡᠪᠡᠷ ᠬᠡᠷᠡᠭᠵᠢᠭᠦᠯᠵᠦ᠂ ᠨᠠᠮ ᠤᠨ ᠠᠵᠢᠯ ᠤᠨ ᠠᠵᠢᠯᠳᠠᠨ ᠤ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠰᠤᠷᠤᠯᠴᠠᠬᠤ ᠪᠠᠷ ᠺᠠᠳ᠋ᠷ ᠢ ᠠᠬᠢᠭᠤᠯᠵᠤ᠂ ᠵᠢᠩᠬᠢᠨᠢ ᠪᠠᠶᠢᠯᠳᠤᠭᠠᠨ ᠢᠶᠠᠷ ᠴᠡᠷᠢᠭ ᠪᠣᠯᠪᠠᠰᠤᠷᠠᠭᠤᠯᠵᠤ᠂ ᠨᠠᠮ ᠤᠨ ᠠᠵᠢᠯ ᠤᠨ ᠠᠵᠢᠯᠳᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠬᠡᠮ ᠢ ᠭᠡᠷᠡᠴᠢᠯᠡᠬᠦ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠦᠨᠡᠮᠯᠡᠯ  ᠲᠠᠢ ᠪᠠᠷ ᠠᠵᠢᠯ ᠤᠨ ᠪᠠᠶᠢᠷᠢᠨ ᠳᠤ ᠭᠠᠷᠬᠤ︾ ᠲᠦᠷᠢᠮ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃
图片1.png
        ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠬᠡᠷᠡᠭᠴᠡᠭᠡ ᠶᠣᠰᠣᠭᠠᠷ ᠠᠷᠭ᠎ᠠ ᠪᠣᠳᠣᠯᠭ᠎ᠠ ᠬᠡᠷᠡᠭᠵᠢᠭᠦᠯᠵᠦ ︽ᠬᠢᠴᠢᠶᠡᠯ ᠢ ᠰᠠᠶᠢᠲᠤᠷ ᠪᠡᠯᠡᠳᠬᠡᠪᠡ ︾        ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠯᠠᠭᠤ ᠪᠠᠭᠰᠢ ᠶᠢ ᠤᠷᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠂  ︽ᠵᠢᠷᠭᠤᠭᠠᠨ ᠦᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠭᠦᠯᠬᠦ ᠶᠢᠨ ᠬᠠᠮᠲᠤ ᠥᠪᠥᠷ ᠮᠣᠩᠭᠤᠯ ᠤᠨ ᠺᠠᠳ᠋ᠷ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠢᠰᠲ᠋ᠧᠮ ᠲᠠᠢ ᠰᠤᠷᠤᠯᠴᠠᠬᠤ ᠪᠠᠷ ᠳᠠᠮᠵᠢᠭᠤᠯᠤᠨ᠂ ᠨᠠᠮ ᠤᠨ ᠠᠵᠢᠯ ᠤᠨ ᠠᠵᠢᠯᠳᠠᠨ ᠤ ᠠᠵᠢᠯ ᠤᠨ ᠰᠤᠷᠲᠠᠯ ᠢ ᠰᠠᠶᠢᠵᠢᠷᠠᠭᠤᠯᠵᠤ᠂ ᠲᠡᠭᠦᠨ ᠤ ᠨᠠᠮ ᠤᠨ ᠠᠵᠢᠯ ᠤᠨ ᠳᠤᠮᠳᠠ ᠴᠢᠭᠯᠡᠯ ᠢ ᠡᠵᠡᠮᠳᠡᠬᠦ᠂ ᠶᠡᠭᠡ ᠲᠠᠯ᠎ᠠ ᠳᠤ ᠦᠢᠯᠡᠴᠢᠯᠡᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ᠃        ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ︽ᠨᠢᠭᠡᠳᠦᠭᠡᠷ ᠵᠥᠪᠯᠡᠬᠦ ᠰᠡᠳᠦᠪ︾ ᠢ ᠲᠤᠭᠤᠰᠢᠲᠠᠢ ᠬᠡᠷᠡᠭᠵᠢᠭᠦᠯᠦᠭᠰᠡᠨ ᠦᠭᠡᠢ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠂ ᠨᠠᠮ ᠤᠨ ᠭᠡᠰᠢᠭᠦᠨ ᠡᠯᠰᠡᠬᠦ ᠲᠡᠰ ᠳᠠᠷᠠᠭᠠᠯᠠᠯ ᠢ ᠴᠢᠩᠭ᠎ᠠ ᠠᠳᠬᠤᠭᠰᠠᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠺᠠᠳ᠋ᠷ ᠢ ᠤᠷᠢᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠵᠡᠷᠭᠡ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠤᠷᠢᠨ  ᠳᠤ᠂ ︽ᠨᠢᠭᠤᠷᠳᠠᠨ ᠶᠠᠷᠢᠯᠴᠠᠬᠤ︾ ᠵᠢᠯᠤᠭᠤᠳᠤᠯᠭ᠎ᠠ᠂ ︽ᠨᠢᠭᠡ ᠳᠤ ᠨᠢᠭᠡ ︾ ᠪᠠᠷ ᠵᠢᠭᠠᠨ ᠰᠤᠷᠭᠠᠬᠤ ᠪᠠᠷ ᠳᠠᠮᠵᠢᠭᠤᠯᠵᠤ᠂ ᠨᠠᠮ ᠤᠨ ᠠᠵᠢᠯ ᠤᠨ ᠠᠵᠢᠯᠲᠠᠳ ᠢ ᠬᠠᠪᠰᠤᠷᠤᠨ ᠲᠤᠬᠠᠶᠢᠯᠠᠭᠰᠠᠨ ᠠᠵᠢᠯ ᠤᠨ ᠳᠤᠲᠠᠭᠤᠳᠠᠯ ᠢ ᠨᠥᠬᠦᠪᠥᠷᠢᠯᠡᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃
图片2.png
        ᠣᠯᠠᠨ ᠡᠰᠢᠲᠦ ᠬᠠᠷᠢᠯᠴᠠᠨ ᠬᠥᠳᠡᠯᠦᠯᠴᠡᠵᠦ᠂ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠴᠦ ︽ᠠᠮᠢᠵᠢᠷᠠᠯ ᠤᠨ ᠬᠦᠴᠦᠨ ᠢ  ᠨᠡᠮᠡᠭᠳᠡᠭᠦᠯᠪᠡ ︾        ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠵᠢᠴᠢ ᠰᠤᠮᠤ ᠪᠠᠯᠭᠠᠰᠤ ᠵᠡᠭᠡᠯᠢ ᠭᠤᠳᠤᠮᠵᠢ ᠶᠢᠨ 5 ᠰᠢᠯᠢᠳᠡᠭ ᠨᠠᠮ ᠤᠨ ᠠᠵᠢᠯᠲᠠᠨ ᠠᠴᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ᠂ ᠨᠠᠮ ᠤᠨ ᠰᠦᠢᠳᠬᠡᠯ ᠢ ᠬᠤᠷᠢᠶᠠᠵᠤ ᠬᠡᠷᠡᠭᠯᠡᠬᠦ ᠵᠡᠷᠭᠡ ᠡᠳᠦᠷ ᠲᠤᠲᠤᠮ ᠤᠨ ᠠᠵᠢᠯ ᠤᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠲᠠᠶᠢᠯᠤᠮᠵᠢ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠨᠠᠮ ᠤᠨ ᠶᠠᠪᠤᠳᠠᠯ ᠤᠨ ᠮᠡᠳᠡᠯᠭᠡ ᠶᠢᠨ ︽ᠲᠦᠷᠭᠡᠨ ᠠᠰᠠᠭᠤᠵᠤ ᠲᠦᠷᠭᠡᠨ ᠬᠠᠷᠢᠭᠤᠯᠬᠤ︾ ᠶᠢ ᠥᠷᠨᠢᠭᠦᠯᠪᠡ᠃ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠡᠯᠪᠡᠷᠢᠵᠢᠭᠦᠯᠬᠦ ᠠᠴᠠ ᠬᠡᠷᠬᠢᠨ ᠵᠠᠶᠢᠯᠠᠰᠬᠢᠬᠦ ᠪᠣᠶ︖︾ ︽ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠶ︖  ︾ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠬᠦᠴᠢᠷ ᠠᠰᠠᠭᠤᠳᠠᠯ ᠳᠤ ᠴᠢᠭᠯᠡᠭᠦᠯᠦᠨ᠂ ᠨᠠᠮ ᠤᠨ ᠠᠵᠢᠯ ᠤᠨ ᠠᠵᠢᠯᠲᠠᠳ ︽ᠲᠣᠭᠤᠰᠬ᠎ᠠ ᠬᠠᠶᠠᠵᠤ︾ ᠠᠰᠠᠭᠤᠯᠲᠠ ᠠᠰᠠᠭᠤᠭᠰᠠᠨ ᠢᠶᠠᠷ ᠪᠠᠷᠠᠬᠤ ᠥᠬᠡᠶ ᠪᠠᠰᠠ ︽ᠭᠥᠯᠢᠶᠡᠨ ᠠᠪᠬᠤ︾ ᠳᠡᠮᠵᠢᠯᠭᠡ ᠦᠵᠡᠭᠦᠯᠵᠦ᠂ ︽ᠬᠤᠶᠠᠷ ᠲᠠᠯ᠎ᠠ︾ ᠶᠢᠨ ᠬᠠᠷᠢᠯᠴᠠᠨ ᠬᠥᠳᠡᠯᠦᠯᠴᠡᠬᠦ ᠶᠢ ᠪᠣᠶ ᠪᠣᠯᠭᠠᠪᠠ᠃        ᠴᠥᠭᠡᠨ ᠪᠤᠰᠤ ᠨᠠᠮ ᠤᠨ ᠠᠵᠢᠯ ᠤᠨ ᠠᠵᠢᠯᠲᠠᠳ ︽︿ᠲᠠ ᠠᠰᠠᠭᠤᠵᠤ ᠪᠢ ᠬᠠᠷᠢᠭᠤᠯᠬᠤ﹀ ᠬᠡᠯᠪᠡᠷᠢ ᠨᠢ ᠣᠯᠠᠨ ᠲᠦᠮᠡᠨ ᠲᠠᠢ ᠣᠶᠢᠷᠠᠲᠤᠭᠰᠠᠨ ᠮᠥᠷᠲᠡᠭᠡᠨ ᠰᠢᠨ᠎ᠡ ᠰᠡᠪᠡᠭᠦᠨ ᠪᠠᠶᠢᠵᠤ᠂ ᠪᠢᠳᠡᠨ ᠢ ᠬᠠᠪᠰᠤᠷᠤᠨ ᠠᠵᠢᠯ ᠤᠨ ᠰᠡᠳᠬᠢᠴᠡ ᠶᠢ ᠲᠣᠳᠤᠷᠬᠠᠶᠢᠯᠠᠵᠤ ᠂ ᠭᠤᠣᠯᠳᠠᠯᠭ᠎ᠠ ᠪᠠᠨ ᠣᠨᠣᠪᠴᠢᠲᠠᠢ ᠣᠯᠵᠠᠢ︾ ᠭᠡᠵᠦ ᠢᠯᠡᠷᠬᠡᠶᠢᠯᠡᠵᠡᠢ᠃ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠰᠠᠨᠠᠭᠠᠴᠢᠯᠠᠭᠠᠲᠤ ᠪᠣᠰᠤ  ᠰᠣᠨᠤᠰᠤᠯᠲᠠ ︾ ᠠᠴᠠ ︽ᠰᠠᠨᠠᠭᠠᠴᠢᠯᠠᠭ᠎ᠠ ᠠᠴᠠ ᠪᠠᠨ ᠰᠤᠳᠤᠯᠬᠤ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ︽ᠦᠵᠡᠯ ᠰᠠᠨᠠᠭᠠᠨ ᠤ ᠮᠥᠷᠭᠦᠯᠳᠦᠯ︾ ᠳᠤᠮᠳᠠ ᠨᠠᠮ ᠤᠨ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠬᠠᠩᠭᠠᠭᠰᠠᠨ ᠪᠠᠶᠢᠨ᠎ᠠ᠃
图片3.png
        ᠰᠤᠷᠴᠤ ᠬᠡᠷᠡᠭᠯᠡᠬᠦ ᠶᠢ ᠨᠡᠪᠲᠡᠷᠡᠭᠦᠯᠵᠦ᠂ ᠦᠷ᠎ᠡ ᠪᠦᠲᠦᠭᠡᠯ ᠢ ᠬᠤᠪᠢᠷᠠᠭᠤᠯᠬᠤ ︽ᠪᠣᠳᠠᠲᠤ ᠦᠷ᠎ᠡ ᠪᠦᠲᠦᠮᠵᠢ ᠣᠯᠪᠠ ︾        ︽ ᠰᠢᠭᠤᠶᠢᠲᠤ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠭᠡᠮ ᠢ ᠭᠡᠷᠡᠴᠢᠯᠡᠬᠦ ᠠᠷᠭ᠎ᠠ︾ ᠶᠢ ᠰᠤᠳᠤᠯᠤᠨ ᠲᠣᠭᠲᠠᠭᠠᠵᠤ᠂ ᠨᠠᠮ ᠤᠨ ᠠᠵᠢᠯᠲᠠᠨ ᠤ ︽ᠦᠨᠡᠮᠯᠡᠯ ᠲᠠᠢ ᠪᠠᠷ ᠠᠵᠢᠯ ᠤᠨ ᠪᠠᠢᠷᠢᠨ ᠳᠤ ᠭᠠᠷᠬᠤ︾ ᠳᠦᠷᠢᠮ ᠢ ᠬᠡᠷᠡᠭᠵᠢᠭᠦᠯᠪᠡ ᠃ ︽ᠠᠩᠬ᠎ᠠ ᠵᠡᠷᠭᠡ — ᠳᠤᠮᠳᠠ ᠵᠡᠷᠭᠡ  — ᠳᠡᠭᠡᠳᠦ ᠵᠡᠷᠭᠡ︾ ᠶᠢᠨ ᠭᠤᠷᠪᠠᠨ ᠱᠠᠲᠤᠨ ᠤ ᠨᠠᠮ ᠤᠨ ᠠᠵᠢᠯ ᠤᠨ ᠠᠵᠢᠯᠲᠠᠨ ᠤ ᠳᠡᠰ  ᠳᠡᠪᠰᠢᠭᠦᠯᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠬᠢᠷᠢ ᠬᠡᠮ ᠤᠨ ᠵᠡᠷᠭᠡ ᠳᠡᠰ ᠢ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠭᠡᠰᠢᠭᠦᠨ ᠢ ᠵᠣᠬᠢᠶᠠᠨ ᠪᠠᠶᠢᠭᠤᠯᠬᠤ ᠵᠡᠷᠭᠡ ᠨᠠᠮ ᠤᠨ ᠠᠵᠢᠯ ᠤᠨ ᠠᠵᠢᠯᠲᠠᠨ ᠤ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠵᠡᠷᠭᠡ ᠲᠠᠢ ᠬᠤᠪᠤᠭᠳᠠᠭᠤᠯᠪᠠ ᠃ ᠠᠩᠬ᠎ᠠ᠂ ᠳᠤᠮᠳᠠ᠂ ᠥᠨᠳᠥᠷ ᠭᠤᠷᠪᠠᠨ ᠵᠡᠷᠭᠡ ᠳᠡᠰ ᠢ ᠦᠨᠳᠦᠰᠦᠯᠡᠨ ᠲᠤᠰ ᠲᠤᠰ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠭᠡᠮ ᠤᠨ ᠭᠡᠷᠡᠴᠢᠯᠡᠭᠡ ᠶᠢᠨ ᠰᠢᠯᠭᠠᠯᠲᠠ ᠲᠣᠬᠢᠷᠠᠭᠤᠯᠵᠤ᠂ ᠰᠢᠯᠭᠠᠯᠲᠠ ᠳᠤ ᠬᠢᠷᠢ ᠲᠡᠩᠴᠡᠭᠰᠡᠨ ᠳᠤᠨᠢ ᠬᠢᠷᠢ ᠭᠡᠮ ᠤᠨ ᠦᠨᠡᠮᠯᠡᠯ ᠣᠯᠭᠤᠵᠤ᠂ ᠰᠢᠭᠤᠶᠢᠲᠤ ᠲᠣᠭᠤᠷᠢᠭ ᠤᠨ ᠨᠠᠮ ᠤᠨ ᠠᠵᠢᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠣᠷᠣᠭᠤᠯᠵᠤ᠂ ᠦᠷᠭᠦᠯᠵᠢᠯᠡᠨ ᠬᠥᠮᠦᠵᠢᠭᠦᠯᠦᠨ ᠬᠠᠮᠢᠶᠠᠷᠪᠠ ᠃ ᠬᠤᠶᠠᠷ ᠰᠠᠷ᠎ᠠ ᠳᠤ ᠨᠢᠭᠡ ︽ᠬᠠᠭᠤᠴᠢᠨ ᠨᠢ ᠰᠢᠨ᠎ᠡ ᠶᠢ ᠳᠠᠭᠠᠭᠤᠯᠬᠤ᠂ ᠳᠤᠮᠳᠠ ᠵᠡᠷᠭᠡ ᠨᠢ ᠠᠩᠬ᠎ᠠ ᠵᠡᠷᠭᠡ ᠪᠠᠨ ᠳᠠᠭᠠᠭᠤᠯᠬᠤ︾ ︽ᠪᠠᠭ᠎ᠠ ᠠᠩᠭᠢ ᠶᠢᠨ ᠵᠢᠭᠠᠨ ᠰᠤᠷᠭᠠᠯᠲᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠷᠰᠢᠯᠭ᠎ᠠ ᠪᠠᠨ ᠬᠤᠪᠢᠶᠠᠯᠴᠠᠬᠤ᠂ ᠶᠠᠷᠢᠯᠴᠠᠨ ᠰᠣᠯᠢᠯᠴᠠᠬᠤ ᠵᠡᠷᠭᠡ ᠤᠯᠠᠨ ᠡᠰᠢᠵᠢᠭᠰᠡᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠶᠡᠷᠦᠩᠬᠡᠶᠢᠯᠡᠨ ᠰᠢᠯᠭᠠᠨ ᠦᠨᠡᠯᠡᠬᠦ᠂ ᠡᠳᠦᠷ ᠲᠤᠳᠤᠮ ᠤᠨ ᠵᠢᠯᠣᠭᠤᠳᠤᠯᠭ᠎ᠠ᠂ ᠲᠣᠭᠤᠷᠢᠨ ᠪᠠᠶᠢᠴᠠᠭᠠᠬᠤ ᠳᠤᠮᠳᠠᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠪᠡ ᠃ ᠡᠭᠦᠨ ᠤ ᠬᠠᠮᠲᠤ᠂ ᠬᠢᠷᠢ ᠬᠡᠮ ᠢ ᠬᠦᠴᠦᠨ ᠥᠬᠡᠶ ᠪᠣᠯᠭᠠᠬᠤ᠂ ᠦᠨᠡᠮᠯᠡᠯ ᠢ ᠬᠤᠷᠢᠶᠠᠨ ᠠᠪᠬᠤ 6 ᠲᠥᠷᠥᠯ ᠤᠨ ᠨᠠᠵᠠᠭᠠᠶ ᠪᠠᠶᠢᠳᠠᠯ ᠢ ᠲᠣᠳᠣᠷᠬᠠᠶᠢᠯᠠᠵᠤ᠂ ᠨᠠᠮ ᠤᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠢᠷᠢ ᠬᠡᠮ ᠳᠤ ᠬᠥᠳᠡᠯᠦᠩᠭᠦᠶ ᠬᠠᠮᠢᠶᠠᠷᠤᠯᠲᠠ ᠬᠢᠬᠦ ᠶᠢ ᠲᠣᠳᠣᠷᠬᠠᠶᠢᠯᠠᠪᠠ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠨᠠᠮ ᠤᠨ ᠠᠵᠢᠯ ᠤᠨ ᠺᠠᠳ᠋ᠷ ᠤᠨ ︽ᠬᠤᠰᠢᠭᠤᠴᠢ ᠳᠠᠪᠲᠠᠯᠲᠠ︾ ᠶᠢᠨ ᠲᠦᠷᠦᠯ ᠵᠦᠢᠯ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠬᠤ᠂ ᠬᠤᠣᠰᠯᠠᠨ ᠬᠠᠪᠰᠤᠷᠴᠤ ᠳᠠᠭᠠᠭᠤᠯᠬᠤ᠂ ᠦᠢᠯᠡᠳᠦᠯᠭᠡ ᠶᠢᠨ ᠳᠠᠪᠲᠠᠯᠲᠠ᠂ ᠲᠣᠭᠤᠷᠢᠨ ᠦᠵᠡᠵᠦ ᠰᠣᠯᠢᠯᠴᠠᠬᠤ ᠵᠡᠷᠭᠡ ᠤᠯᠠᠨ ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠤᠨ ᠠᠵᠢᠯ ᠤᠨ ᠺᠠᠳ᠋ᠷ ᠢ ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ ᠬᠥᠮᠦᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠲᠤᠨᠤ ᠬᠥᠮᠦᠨ᠂ ᠺᠠᠳ᠋ᠷ ᠠᠵᠢᠯᠳᠠᠨ ᠤ ᠳᠣᠲᠣᠨᠣ ᠬᠥᠮᠦᠨ ᠪᠣᠯᠭᠠᠨ ᠬᠥᠮᠦᠵᠢᠭᠦᠯᠵᠦ᠂ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ᠂ ᠲᠤᠰᠬᠠᠶᠢᠵᠢᠭᠤᠯᠬᠤ ᠵᠠᠮ ᠳᠤ ᠦᠷᠭᠦᠯᠵᠢᠯᠡᠨ ᠤᠷᠤᠭᠰᠢᠯᠠᠭᠤᠯᠬᠤ ᠶᠢ ᠠᠬᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号