ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠭᠡᠯ  ᠥᠪᠥᠷ ᠮᠣᠩᠭᠤᠯ ᠤᠨ ᠰᠢᠭᠤᠶᠢᠲᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/6/10
        6 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠰᠢᠭᠤᠶᠢᠲᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠢᠩᠬᠢᠨᠢ ᠪᠠᠷ ᠪᠠᠶᠢᠭᠤᠯᠤᠭᠳᠠᠵᠤ᠂ ᠰᠢᠭᠤᠶᠢᠲᠤ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠦᠷᠦᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠪᠠ ᠃        ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠠᠵᠢᠯᠯᠠᠭ᠎ᠠ ᠳᠤ ᠣᠷᠣᠯᠴᠠᠭᠰᠠᠨ ᠪᠥᠭᠡᠳ ᠥᠪᠥᠷ ᠮᠣᠩᠭᠤᠯ ᠤᠨ ᠰᠢᠭᠤᠶᠢᠲᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠫᠠᠶᠢᠰᠠ ᠶᠢ ᠰᠡᠬᠦᠪᠡ᠃
图片16.png
        ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠬᠤᠶᠠᠷ ᠢ ᠴᠡᠭᠴᠡᠯᠡᠵᠦ ᠬᠤᠶᠠᠷ ᠢ ᠳᠡᠭᠡᠭᠰᠢᠯᠡᠭᠦᠯᠬᠦ︾ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠥᠨ᠃ ᠰᠢᠨ᠎ᠡ ᠪᠠᠷ ᠪᠠᠶᠢᠭᠤᠯᠤᠭᠳᠠᠭᠰᠠᠨ ᠥᠪᠥᠷ ᠮᠣᠩᠭᠤᠯ ᠤᠨ ᠰᠢᠭᠤᠶᠢᠲᠤ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ  ᠨᠢ ᠤᠤᠯ ᠤᠨ 43 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠵᠤ᠂ ᠪᠥᠬᠦ ᠲᠣᠭᠤᠷᠢᠭ ᠤᠨ  ᠴᠢᠨᠠᠷ ᠰᠠᠶᠢᠲᠠᠶ ᠤᠯᠤᠰ ᠤᠨ ᠥᠮᠴᠢᠯᠡᠯᠲᠦ ᠡᠬᠢ ᠪᠠᠶᠠᠯᠢᠭ ᠤᠨ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠵᠦ᠂ ︽1 + 3 + N︾ ᠪᠦᠲᠦᠴᠡ ᠶᠢᠨ ᠲᠣᠭᠲᠠᠯᠴᠠᠭ᠎ᠠ ᠶᠢ ᠪᠠᠶᠢᠭᠤᠯᠵᠤ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ  ᠨᠢ 21.78 ᠳ᠋ᠦᠩᠰᠢᠭᠤᠷ ᠲᠥᠭᠦᠷᠢᠭ ᠪᠠᠶᠢᠵᠤ᠂ ᠰᠢᠭᠤᠶᠢᠲᠤ ᠲᠣᠭᠤᠷᠢᠭ ᠤᠨ ᠡᠳ᠋ ᠬᠥᠷᠥᠩᠭᠡ ᠶᠢᠨ ᠬᠡᠪᠴᠢᠶ᠎ᠡ ᠪᠠᠷ ᠬᠠᠮᠤᠭ ᠤᠨ ᠶᠡᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ᠎ᠠ᠃        ︽ᠪᠠᠭ᠎ᠠ᠂ ᠲᠠᠷᠠᠬᠠᠢ᠂ ᠪᠠᠭᠤᠷᠠᠢ︾᠂ ᠡᠬᠢ ᠪᠠᠶᠠᠯᠢᠭ ᠲᠠᠷᠠᠬᠠᠢ ᠪᠤᠲᠠᠷᠬᠠᠢ᠂ ᠴᠢᠨᠠᠷ ᠢᠵᠢᠯᠢᠰᠢᠭᠰᠡᠨ ᠥᠷᠢᠰᠥᠯᠳᠦᠭᠡᠨ᠂ ᠬᠠᠮᠢᠶᠠᠷᠤᠯᠲᠠ ᠶᠢᠨ ᠬᠡᠯᠬᠢᠶ᠎ᠡ ᠬᠡᠳᠦ ᠣᠷᠳᠣ᠂ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠴᠢᠩᠭ᠎ᠠ ᠪᠤᠰᠤ ᠵᠡᠷᠭᠡ ᠨᠢ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠥᠷᠢᠰᠥᠯᠳᠦᠭᠡᠨ ᠰᠢᠷᠦᠭᠦᠰᠬᠦ ᠶᠢ ᠳᠠᠭᠠᠯᠳᠤᠨ᠂ ᠢᠯᠡᠷᠡᠭᠰᠡᠨ ︽ᠲᠠᠪᠤᠨ ᠬᠤᠷᠤᠭᠤ ᠳᠠᠷᠬᠠᠶ ᠪᠠᠶᠢᠬᠤ︾ ᠪᠠᠶᠢᠳᠠᠯ ᠪᠠᠶᠢᠵᠤ᠂ ᠲᠡᠭᠦᠨ ᠢ ᠵᠠᠬ᠎ᠠ ᠳᠡᠯᠭᠡᠭᠦᠷ ᠤᠨ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠳᠠᠪᠠᠭᠤᠯᠢᠭ ᠢ ᠣᠯᠵᠤ ᠴᠢᠳᠠᠬᠤ ᠦᠭᠡᠢ ᠪᠣᠯᠭᠠᠭᠰᠠᠨ ᠪᠠᠶᠢᠨ᠎ᠠ᠃        ︽ᠭᠠᠭᠴᠠ ᠬᠥᠮᠦᠨ ᠤ ᠪᠠᠶᠢᠯᠳᠤᠭᠠᠨ ︾ ᠢ ᠬᠡᠷᠬᠢᠨ ︽ ᠪᠦᠯᠦᠭᠯᠡᠯ ᠠᠷᠮᠢ ᠶᠢᠨ ᠪᠠᠶᠢᠯᠳᠤᠭᠠᠨ ︾ ᠪᠣᠯᠭᠠᠨ ᠬᠤᠪᠢᠷᠠᠭᠤᠯᠵᠤ᠂ ᠬᠡᠷᠬᠢᠨ ᠡᠳᠡᠭᠡᠷ ᠬᠥᠭᠵᠢᠯᠲᠡ ᠶᠢᠨ ᠪᠣᠭᠤᠮᠢ ᠶᠢ ᠪᠦᠲᠦᠮᠵᠢᠲᠡᠢ  ᠰᠢᠢᠳᠪᠦᠷᠢᠯᠡᠬᠦ ᠪᠣᠢ︖ ᠲᠣᠰ ᠤᠳᠠᠭ᠎ᠠ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ  ᠪᠠᠶᠢᠭᠤᠯᠤᠯᠲᠠ ᠳᠤ ᠂ ︽1 ᠭᠤᠤᠯᠯᠠᠬᠤ ᠪᠦᠯᠦᠭᠯᠡᠯ + 3 ᠲᠤᠰᠬᠠᠶ ᠮᠡᠷᠭᠡᠵᠢᠯ ᠤᠨ ᠬᠤᠪᠢᠶᠠᠷᠢ ᠺᠣᠮᠫᠠᠨᠢ + N ᠲᠤᠬᠠᠶᠢᠯᠠᠭᠰᠠᠨ ᠠᠵᠢᠯ ᠤᠨ ᠨᠢᠭᠡᠴᠢ ︾ ᠶᠢᠨ  ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠵᠢᠯ ᠤᠨ ᠪᠦᠲᠦᠴᠡ ᠶᠢ ᠪᠠᠶᠢᠭᠤᠯᠪᠠ᠃ ᠶᠠᠭᠤ ᠶᠢ ︽1 + 3 + N︾ ᠭᠡᠬᠦ ᠪᠤᠢ︖ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠭᠤᠶᠢᠲᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠡᠵᠡᠩᠨᠡᠯᠲᠡ᠂ ᠬᠤᠳᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠦᠢᠯᠡᠰ ᠵᠡᠷᠭᠡ ᠭᠤᠷᠪᠠᠨ ᠶᠡᠭᠡ ᠬᠡᠰᠡᠭ ᠢᠶᠠᠷ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠵᠤ ᠲᠣᠬᠢᠷᠠᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠦᠢᠯᠡᠴᠢᠯᠡᠭᠡ᠂ ᠴᠢᠬᠤᠯᠠ ᠶᠡᠭᠡ ᠲᠥᠷᠥᠯ ᠵᠦᠢᠯ ᠤᠨ ᠳᠠᠭᠠᠭᠠᠴᠠ ᠵᠡᠷᠭᠡ ᠲᠠᠯ᠎ᠠ ᠪᠠᠷ ᠬᠢ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
图片17.png
        ᠵᠠᠩ ᠰᠢᠶᠤᠤ ᠹᠸᠢ ᠶᠠᠷᠢᠶᠠᠨ ᠳᠠᠭᠠᠨ᠂ ᠰᠢᠭᠤᠶᠢᠲᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠨᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠭᠤᠷᠪᠠᠨ ᠶᠡᠭᠡ ᠬᠡᠰᠡᠭ ᠲᠤ ᠰᠠᠭᠤᠷᠢᠯᠠᠵᠤ᠂ ᠤᠯᠤᠰ ᠤᠨ ᠦᠮᠴᠢᠯᠡᠯᠲᠦ ᠬᠦᠷᠦᠩᠬᠡ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠪᠦᠬᠦ ᠲᠤᠭᠤᠷᠢᠭ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠶᠡᠭᠡ ᠲᠤᠭ ᠢ ᠡᠭᠦᠷᠭᠡᠯᠡᠵᠦ᠂ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠭᠤᠶᠢᠲᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠡᠢ ᠃        ︽ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ︾ ᠡᠨᠡ ᠬᠦ ︽ᠠᠮᠢᠳᠤ ᠲᠦᠯᠬᠢᠭᠦᠷ︾  ᠨᠢ ︽ᠬᠠᠭᠤᠴᠢᠨ ᠮᠣᠳᠣ ᠶᠢ ᠰᠢᠨ᠎ᠡ ᠴᠡᠴᠡᠭ ᠳᠡᠯᠭᠡᠷᠡᠭᠦᠯᠦᠭᠰᠡᠨ︾ ᠢᠶᠠᠷ ᠪᠠᠷᠠᠬᠤ ᠥᠬᠡᠶ᠂ ᠨᠠᠩ ᠴᠤ ᠪᠥᠬᠦ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ︵ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶  ᠳᠠᠷᠤᠭ᠎ᠠ ᠰᠢᠶᠤᠤ ᠹᠧᠩ᠂ ︽ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠠᠪᠤᠴᠠ ᠳᠤ᠂ ᠲᠤᠰᠬᠠᠶ ᠠᠩᠭᠢ ᠶᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠳᠠᠪᠠᠭᠤᠯᠢᠭ ᠠᠵᠤ ᠠᠬᠤᠶᠢᠯᠠᠯ ᠲᠡᠶᠢᠰᠢᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠲᠡᠶᠢᠰᠢ ᠲᠥᠪᠯᠡᠷᠡᠭᠦᠯᠬᠦ ᠶᠢ ᠳᠥᠯᠭᠢᠨ ᠠᠬᠢᠭᠤᠯᠬᠤ ᠶᠢᠨ ᠬᠠᠮᠲᠤ᠂ ︿ᠢᠯᠡ ᠪᠠᠷ ᠬᠢᠬᠦ᠂ ᠢᠯᠡ ᠲᠣᠳᠣ ᠪᠠᠶᠢᠬᠤ﹀ ᠶᠢ ᠦᠨᠡᠨ ᠬᠦ ᠪᠠᠲᠤᠯᠠᠵᠤ᠂ ︿ᠲᠥᠷᠥ ᠶᠢᠨ ᠪᠣᠳᠣᠯᠭ᠎ᠠ ᠲᠣᠳᠣᠷᠬᠠᠶ᠂ ᠨᠡᠪᠲᠡᠷᠡᠯᠴᠡᠭᠡ ᠨᠠᠷᠢᠯᠢᠭ᠂ ᠪᠠᠲᠤᠯᠠᠭ᠎ᠠ ᠪᠣᠳᠠᠲᠠᠶ﹀ ᠶᠢ ᠪᠠᠲᠤᠯᠠᠬᠤ ᠶᠢᠨ ᠬᠠᠮᠲᠤ ᠴᠠᠯᠢᠩ ᠬᠥᠯᠥᠰᠥ᠂ ᠡᠳ᠋ ᠤᠨ ᠶᠠᠪᠤᠳᠠᠯ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠵᠠᠩᠭᠢᠯᠠᠭ᠎ᠠ ᠶᠢᠨ ᠲᠦᠷᠢᠮ ᠢ ᠰᠢᠯᠢᠳᠡᠭᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠢ ︾ ᠭᠡᠵᠡᠶ᠃        ᠥᠭᠡᠷᠡᠴᠢᠯᠡᠯᠲᠡ ᠬᠢᠭᠰᠡᠨ ᠤ ᠳᠠᠷᠠᠭᠠᠬᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠡᠪᠴᠢᠶ᠎ᠡ ᠥᠷᠭᠡᠵᠢᠵᠦ᠂ ᠢᠲᠡᠭᠡᠮᠵᠢ ᠶᠢᠨ ᠳᠡᠰ ᠲᠣᠭᠲᠠᠭᠠᠬᠤ  ᠳᠡᠭᠡᠭᠰᠢᠯᠡᠵᠦ ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠲᠥᠷᠥᠯ ᠵᠦᠢᠯ ᠤᠨ ᠵᠢᠭᠡᠯᠡᠯᠭᠡ ᠵᠡᠷᠭᠡ ᠪᠡᠯᠡ ᠲᠣᠬᠢᠷᠠᠭᠤᠯᠬᠤ ᠠᠷᠭ᠎ᠠ ᠵᠠᠮ ᠦᠷᠭᠡᠳᠪᠡ ︔ ᠡᠭᠦᠨ ᠤ ᠬᠠᠮᠲᠤ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ᠂ ᠴᠢᠨᠠᠷ ᠰᠠᠶᠢᠲᠠᠢ ᠡᠬᠢ ᠪᠠᠶᠠᠯᠢᠭ ᠢ ᠣᠷᠣᠭᠤᠯᠬᠤ ᠪᠠᠷ ᠳᠠᠮᠵᠢᠭᠤᠯᠤᠨ᠂ ᠬᠥᠷᠥᠩᠭᠡ ᠶᠢᠨ ᠥᠷᠢᠲᠦᠯ ᠤᠨ ᠨᠣᠷᠮ᠎ᠠ ᠶᠢ ᠪᠠᠭᠤᠷᠠᠭᠤᠯᠵᠤ᠂ ᠡᠳ᠋ ᠤᠨ ᠶᠠᠪᠤᠳᠠᠯ ᠤᠨ ᠪᠦᠲᠦᠴᠡ ᠶᠢ ᠨᠡᠩ ᠡᠷᠡᠭᠦᠯ ᠪᠣᠯᠭᠠᠵᠤ᠂ ᠵᠠᠯᠭᠠᠮᠵᠢ ᠵᠠᠬ᠎ᠠ ᠳᠡᠯᠭᠡᠭᠦᠷᠴᠢᠯᠡᠭᠰᠡᠨ ᠪᠡᠯᠡ ᠲᠣᠬᠢᠷᠠᠭᠤᠯᠬᠤ ᠳᠤ ᠰᠠᠭᠤᠷᠢ ᠲᠠᠯᠪᠢᠪᠠ᠃ ᠡᠭᠦᠨ ᠤ ᠬᠠᠮᠲᠤ᠂ ᠴᠢᠳᠠᠪᠤᠷᠢᠲᠠᠨ ᠢ ᠬᠥᠮᠦᠵᠢᠭᠦᠯᠬᠦ ᠶᠢ ᠨᠡᠩ ᠴᠢᠬᠤᠯᠠᠴᠢᠯᠠᠪᠠ ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠷ ᠭᠤᠤᠯ ᠪᠣᠯᠭᠠᠭᠰᠠᠨ ᠵᠦᠷᠢᠶᠡᠴᠢᠯᠡᠭᠰᠡᠨ ᠴᠠᠯᠢᠩ ᠬᠥᠯᠥᠰᠥ ᠶᠢᠨ ᠲᠣᠭᠲᠠᠯᠴᠠᠭ᠎ᠠ ᠶᠢ ᠪᠠᠶᠢᠭᠤᠯᠵᠤ᠂ ᠰᠣᠩᠭᠤᠨ ᠪᠤᠶᠢᠵᠢᠭᠤᠯᠵᠤ ᠬᠡᠷᠡᠭᠴᠡᠭᠡ ᠲᠠᠢ ᠤᠶᠠᠯᠳᠤᠭᠤᠯᠬᠤ᠂ ᠤᠷᠮᠠᠰᠢᠭᠤᠯᠤᠨ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠰᠢᠰᠲ᠋ᠧᠮᠵᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠥᠮᠦᠨ ᠬᠡᠷᠡᠭᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠲᠣᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠲᠣ ᠦᠶ᠎ᠡ ᠶᠢᠨ ᠠᠵᠤ ᠠᠬᠤᠶᠢᠯᠠᠯ ᠤᠨ ᠵᠠᠰᠠᠯᠲᠠ ᠶᠢ ᠳᠡᠭᠡᠭᠰᠢᠯᠡᠭᠦᠯᠦᠨ᠎ᠡ᠃        ︽ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠤᠭᠰᠠᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠢᠳᠡᠨ ᠳᠤ ᠰᠢᠨ᠎ᠡ ᠱᠠᠭᠠᠷᠳᠠᠯᠭ᠎ᠠ ᠳᠤᠷᠠᠳᠪᠠ — ᠣᠷᠣᠨ ᠪᠦᠰᠡ ᠶᠢᠨ ᠲᠡᠷᠢᠭᠦᠨ ᠵᠡᠷᠭᠡ ᠶᠢᠨ᠂ ᠭᠤᠤᠯ ᠠᠵᠢᠯ ᠨᠢ ᠲᠣᠪᠤᠶᠢᠮ᠎ᠠ᠂ ᠣᠲᠣ ᠦᠶ᠎ᠡ ᠶᠢᠨ᠂ ᠣᠲᠣ ᠦᠶ᠎ᠡ ᠵᠢ‌ᠵᠠᠰᠠᠬᠤ ᠂ ᠥᠷᠢᠰᠥᠯᠳᠦᠬᠦ ᠬᠦᠴᠦᠨ ᠢᠶᠠᠷ ᠴᠢᠩᠭ᠎ᠠ ᠶᠡᠷᠦᠩᠬᠡᠶᠢᠯᠡᠭᠰᠡᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠣᠷᠣᠭᠤᠯᠵᠤ ᠡᠵᠡᠩᠨᠡᠬᠦ ᠲᠠᠪᠴᠠᠩ ᠢ ᠪᠠᠶᠢᠭᠤᠯᠤᠨ᠎ᠠ ︾᠃ ᠥᠪᠥᠷ ᠮᠣᠩᠭᠤᠯ ᠤᠨ ᠰᠢᠭᠤᠶᠢᠲᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠯᠢ ᠶᠠᠨ ᠯᠦᠩ᠂ ︽ᠪᠢᠳᠡ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︿ᠥᠭᠡᠷᠡᠴᠢᠯᠡᠯᠲᠡ᠂ ᠭᠤᠣᠯ ᠠᠵᠢᠯ᠂ ᠬᠠᠮᠢᠶᠠᠷᠤᠯᠲᠠ﹀ ᠶᠢ ᠰᠠᠶᠢᠲᠤᠷ ᠠᠳᠬᠤᠵᠤ᠂ ᠰᠣᠶᠣᠯ ᠵᠢᠭᠤᠯᠴᠢᠯᠠᠯ ᠤᠨ ᠬᠡᠰᠡᠭ ᠲᠤ ᠂ ᠪᠠᠳᠺᠠᠷ ᠰᠦᠮ᠎ᠡ ᠂ ᠵᠤᠤ ᠤᠯᠤᠰ ᠤᠨ ᠤᠷᠲᠤ ᠴᠠᠭᠠᠨᠬᠡᠷᠡᠮ᠂ ᠳ᠋ᠠ ᠹᠠ 1913 ᠵᠡᠷᠭᠡ ᠡᠬᠢ ᠪᠠᠶᠠᠯᠢᠭ ᠢ ᠨᠡᠶᠢᠳᠬᠡᠵᠦ᠂ ᠵᠠᠭᠪᠤᠷ ᠤᠨ ᠰᠢᠨ᠎ᠡ ᠶᠢ ᠡᠭᠦᠳᠦᠨ ᠠᠭᠤᠰᠤᠯᠴᠠᠯ ᠢ ᠠᠬᠢᠭᠤᠯᠵᠤ᠂ ᠭᠤᠷᠪᠠᠳᠤᠭᠠᠷ ᠠᠵᠤ ᠦᠢᠯᠡᠰ ᠤᠨ ᠲᠡᠰ ᠳᠡᠪᠰᠢᠬᠦ ᠶᠢ ᠳᠠᠶᠢᠴᠢᠯᠠᠨ᠎ᠠ ︔ ᠲᠤᠮᠤ ᠳ᠋ᠠᠶᠢᠲ᠋ᠠ ᠪᠣᠯᠤᠨ ᠰᠢᠨ᠎ᠡ ᠡᠨᠧᠷᠭᠢ ᠶᠢᠨ ᠬᠡᠰᠡᠭ ᠲᠤ ᠂ ᠬᠦᠷᠢᠶᠡᠯᠡᠩ ᠲᠣᠭᠤᠷᠢᠭ ᠲᠤ ᠲᠦᠰᠢᠭᠯᠡᠨ ᠲᠣᠭᠠᠴᠢᠯᠠᠭᠰᠠᠨ ᠠᠵᠤ ᠠᠬᠤᠢ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠠᠵᠠ ᠲᠣᠬᠢᠶᠠᠯ ᠢᠠᠮᠵᠢᠵᠤ᠂ ᠬᠤᠳᠠᠯᠳᠤᠭᠠᠨ ᠳᠤ ᠬᠡᠷᠡᠭᠯᠡᠬᠦ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠥᠷᠭᠡᠳᠬᠡᠵᠦ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠎ᠠ ︔ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠳᠠ ᠶᠢᠨ ᠰᠢᠨᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠣᠷᠣᠨ ᠵᠠᠢ ᠶᠢᠨ ᠡᠵᠡᠩᠨᠡᠯᠲᠡ᠂ ᠣᠷᠴᠢᠨ ᠲᠣᠭᠤᠷᠢᠨ ᠤ ᠵᠠᠰᠠᠯᠲᠠ ᠵᠡᠷᠭᠡ ᠲᠦᠷᠦᠯ ᠵᠦᠢᠯ ᠢ ᠶᠡᠬᠡᠪᠡᠷ ᠥᠷᠨᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠦᠢᠯᠡᠴᠢᠯᠡᠨ᠎ᠡ᠃ ᠣᠲᠣ ᠶᠢᠨ ᠪᠠᠶᠢᠭ᠎ᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠡᠮᠬᠢᠯᠡᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠷᠭᠡᠬᠡᠨ ᠠᠬᠢᠭᠤᠯᠵᠤ᠂ ᠪᠦᠬᠦᠯᠢ ᠴᠣᠭᠴᠠ ᠶᠢᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠠᠮᠢᠵᠢᠷᠠᠯ ᠤᠨ ᠬᠦᠴᠦᠨ ᠢ ᠨᠠᠩ ᠰᠠᠶᠢᠲᠤᠷ ᠬᠥᠭᠵᠢᠭᠡᠵᠦ᠂ ᠪᠣᠳᠠᠲᠤ ᠬᠦᠴᠦᠨ ᠢ ᠴᠢᠩᠭᠠᠷᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠦᠨ᠎ᠡ︾ ᠭᠡᠪᠡ ᠃        ᠲᠣᠭᠤᠷᠢᠭ ᠤᠨ ᠤᠳᠤᠷᠢᠳᠤᠯᠭ᠎ᠠ ᠵᠠᠩ ᠬᠠᠢ᠂ ᠪᠠᠢ ᠰᠢᠶᠠᠩ ᠬᠥᠩ᠂ ᠨᠢᠦ ᠪᠢᠶᠣᠤ᠂ ᠯᠢ ᠰᠢᠶᠠᠩ᠂ ᠵᠠᠩ ᠰᠢᠶᠦ᠋ᠩ᠂ ᠴᠧᠨ ᠵᠢᠶᠠ ᠵᠢᠶᠦ᠋ᠨ᠂ ᠱᠠᠩ ᠶᠦᠩ ᠵᠧᠨ᠂ ᠰᠦᠩ ᠵᠤᠤ ᠬᠤᠸᠠ᠂ ᠰᠦᠨ ᠶᠤᠸᠠᠢ᠂ ᠱᠤᠤ ᠽᠦᠩ ᠸᠧᠢ᠂ ᠴᠧᠨ ᠶᠦᠩ ᠫᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号