ᠲᠤᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ  ᠭᠠᠢ ᠯᠢᠶᠠᠨ ᠢᠦᠢ ᠰᠠᠬᠢᠯᠭ᠎ᠠ ᠪᠠᠲᠤ ᠣᠪᠣᠷ  ᠰᠤᠷᠳᠠᠯ ᠤᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2025/6/10
        6 ᠳ᠋ᠤᠭᠠᠷ ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠢ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠣᠷᠣᠯᠴᠠᠪᠠ᠃        ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠰᠢᠶᠦ᠋ᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃        ᠭᠠᠢ ᠯᠢᠶᠠᠨ ᠢᠦᠢ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠲᠥᠯᠥᠭᠡ ᠵᠢᠳᠬᠦᠬᠦ ᠦᠨᠳᠦᠰᠦ ᠶᠢ ᠬᠢᠴᠢᠶᠡᠩᠭᠦ᠋ᠢᠯᠡᠨ ᠰᠠᠬᠢᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ᠳᠡᠷᠭᠡᠳᠡᠬᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠦᠷᠭᠦᠯᠵᠢ ᠡᠪᠦᠷᠯᠡᠵᠦ᠂ ︽ᠢᠳᠡᠵᠦ ᠤᠤᠭᠤᠬᠤ ᠪᠣᠭᠤᠮᠲᠠ︾ ᠶᠢ ᠰᠠᠶᠢᠲᠤᠷ ᠡᠵᠡᠮᠳᠡᠵᠦ᠂ ︽ᠨᠠᠶᠢᠵᠠ ᠶᠢᠨ ᠲᠣᠭᠤᠷᠢᠭ︾ ᠢ ᠲᠣᠳᠣᠷᠬᠠᠢ ᠪᠣᠯᠭᠠᠵᠤ᠂ ︽ᠲᠦᠷᠦᠯ ᠰᠠᠳᠤᠨ ᠤ ᠰᠡᠳᠬᠢᠯᠭᠡ ᠶᠢᠨ ᠪᠣᠭᠤᠮᠲᠠ︾ ᠶᠢ ᠴᠢᠩᠭ᠎ᠠ ᠰᠠᠬᠢᠵᠤ᠂ ᠨᠢᠭᠡ ᠴᠠᠭ ᠤᠨ ᠬᠤᠭᠤᠯᠠ᠂ ᠨᠢᠭᠡ ᠪᠡᠯᠡᠭ ᠤᠨ ᠶᠣᠰᠣ ᠵᠡᠷᠭᠡ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠠᠭ᠎ᠠ ᠠᠴᠠ ᠪᠤᠯᠵᠤ ᠶᠡᠭᠡ ᠠᠯᠳᠠᠭ᠎ᠠ ᠭᠠᠷᠬᠤ ᠶᠢ ᠰᠡᠷᠭᠡᠶᠢᠯᠡᠵᠦ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠭᠠᠷ ᠲᠠᠬᠢ ᠡᠷᠬᠡ ᠪᠠᠨ ᠴᠢᠩᠭ᠎ᠠ ᠬᠠᠮᠢᠶᠠᠷᠴᠤ᠂ ᠡᠷᠬᠡ ᠪᠠᠶᠢᠪᠠᠯ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠂ ᠨᠡᠶᠢᠲᠡ ᠶᠢᠨ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠂ ᠡᠷᠬᠡ ᠪᠠᠨ ᠬᠡᠷᠡᠭᠯᠡᠬᠦ ᠳᠤ ᠵᠠᠪᠠᠯ ᠬᠢᠨᠠᠯᠲᠠ ᠲᠠᠯᠪᠢᠬᠤ ᠶᠢ ᠪᠠᠲᠤ ᠴᠡᠭᠡᠵᠢᠯᠡᠵᠦ᠂ ᠬᠠᠤᠯᠢ ᠲᠣᠭᠲᠠᠭᠠᠯ ᠶᠣᠰᠣᠭᠠᠷ ᠡᠷᠬᠡ ᠪᠠᠨ ᠬᠡᠷᠡᠭᠯᠡᠬᠦ ᠶᠢ ᠴᠢᠩᠭ᠎ᠠ ᠰᠡᠷᠭᠡᠶᠢᠯᠡᠵᠦ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠶᠢ ᠡᠷᠡᠰ ᠰᠡᠷᠭᠡᠶᠢᠯᠡᠵᠦ᠂ ᠡᠷᠬᠡ ᠪᠠᠨ ᠢᠮᠠᠭᠲᠠ ᠢᠯᠡ ᠪᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ︽ ᠪᠤᠢ ᠪᠣᠯᠭᠠᠬᠤ ᠳᠡᠭᠡᠭᠰᠢᠯᠡᠬᠦᠯᠬᠦ ᠴᠢᠷᠮᠠᠶᠢᠬᠤ ︾ ᠶᠢ ᠦᠨᠳᠦᠰᠦᠨ ᠠᠵᠢᠯ ᠤᠨ ᠠᠷᠭ᠎ᠠ ᠪᠣᠯᠭᠠᠨ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠬᠢᠬᠦ ᠶᠢ ᠵᠣᠷᠢᠭᠵᠢᠭᠤᠯᠵᠤ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠭᠦᠨ ᠤ ᠬᠠᠮᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠳᠡᠭᠡᠷ᠎ᠡ ᠨᠠᠩ ᠶᠡᠭᠡ ᠬᠦᠴᠦ ᠣᠷᠣᠭᠤᠯᠵᠤ᠂ ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃        ᠪᠦᠬᠦ ᠲᠣᠭᠤᠷᠢᠭ ᠤᠨ ᠭᠡᠷ ᠲᠡᠭᠡᠨ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ᠂ ᠪᠦᠬᠦ ᠰᠠᠯᠠᠭᠠᠨ ᠳᠡᠰ ᠤᠨ ᠺᠠᠳ᠋ᠷ᠂ ᠲᠣᠭᠤᠷᠢᠭ ᠲᠤ ᠰᠠᠭᠤᠭ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠭ ᠤᠨ ᠭᠡᠰᠢᠭᠦᠨ ᠂ ᠲᠣᠭᠤᠷᠢᠭ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠢᠭᠡᠳᠦᠭᠡᠷ ᠱᠦᠵᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠵᠢᠴᠢ ︽ᠬᠠᠮᠲᠤ ᠰᠤᠷᠤᠭᠴᠢ ᠶᠢᠨ ᠴᠠᠭ ᠮᠦᠴᠡ ︾ ᠳᠤ ᠣᠷᠣᠭᠤᠯᠤᠭᠰᠠᠨ ᠵᠠᠯᠠᠭᠤ ᠺᠠᠳ᠋ᠷ ᠬᠤᠷᠠᠯ ᠳᠤ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号