6 ᠳ᠋ᠤᠭᠠᠷ ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠶᠠᠩ ᠴᠠᠩ ᠭᠸᠤ᠂ ᠪᠠᠯᠭᠤᠤ᠂ ᠲᠸᠦ ᠳ᠋ᠤᠤ ᠭᠧᠦ ᠶᠢᠨ ᠨᠦᠯᠦᠮᠡᠯ | ᠭᠠᠵᠠᠷ ᠤᠨ ᠬᠠᠰᠢᠯᠭ᠎ᠠ ᠪᠣᠯᠤᠨ ᠳ᠋ᠠ ᠵᠢᠩ ᠭᠸᠤ ᠂ ᠯᠢᠦ ᠪᠦᠦ ᠶᠣᠣ ᠽᠢ ᠭᠸᠤ ᠵᠡᠷᠭᠡ ᠭᠤᠣᠯ ᠤᠨ ᠵᠠᠮ ᠢᠶᠠᠷ ᠭᠤᠣᠯ ᠢ | ᠴᠠᠭᠳᠠᠵᠤ ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃ | ᠵᠠᠩ ᠰᠢᠶᠤᠤ ᠹᠸᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠦᠶᠡᠷ ᠢ ᠰᠡᠷᠭᠡᠶᠢᠯᠡᠬᠦ | ᠢᠨᠵᠧᠨᠧᠷᠢᠩ ᠵᠢᠴᠢ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠪᠡᠯᠡᠳᠬᠡᠯ᠂ ᠡᠳ᠋ ᠪᠣᠳᠠᠰ ᠤᠨ ᠨᠥᠭᠡᠴᠡ ᠵᠡᠷᠭᠡ ᠠᠵᠢᠯ ᠤᠨ | ᠠᠬᠢᠴᠠ ᠶᠢ ᠨᠠᠷᠢᠨ ᠯᠠᠪᠯᠠᠨ ᠠᠰᠠᠭᠤᠪᠠ᠃ ᠲᠡᠷᠡ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠠᠶᠢᠩᠭᠤᠵᠢᠭᠤᠯᠤᠨ | ᠰᠠᠶᠢᠲᠤᠷ ᠬᠢᠵᠦ᠂ ᠭᠤᠣᠯ ᠤᠨ ᠵᠠᠮ ᠤᠨ ᠬᠠᠮᠢᠶᠠᠷᠤᠯᠲᠠ ᠶᠢᠨ ᠠᠵᠢᠯ ᠤᠨ ᠡᠷᠴᠢᠮ ᠢᠶᠠᠨ ᠦᠨᠡᠨ ᠬᠦ | ᠴᠢᠩᠭᠠᠷᠠᠭᠤᠯᠵᠤ᠂ ᠭᠤᠣᠯ ᠤᠨ ᠵᠠᠮ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠪᠣᠷᠣᠭᠠᠨ ᠤ ᠤᠯᠠᠷᠢᠯ ᠬᠦᠷᠴᠦ ᠢᠷᠡᠬᠦ | ᠲᠠᠰᠢᠷᠠᠮ ᠢᠶᠠᠷ᠂ ᠡᠯ᠎ᠡ ᠰᠠᠯᠠᠭ᠎ᠠ ᠮᠥᠴᠢᠷ ᠨᠢᠭᠡᠴᠢ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ | ᠪᠠᠶᠢᠵᠤ᠂ ᠬᠠᠷᠢᠭᠤᠴᠠᠯᠭ᠎ᠠ ᠡᠭᠦᠷᠭᠡᠯᠡᠯ ᠪᠠ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠦᠶᠡᠷ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠲᠡᠭᠦᠯᠳᠡᠷᠵᠢᠭᠦᠯᠵᠦ᠂ ᠰᠢᠭᠤᠶᠢᠲᠤ ᠲᠣᠭᠤᠷᠢᠭ ᠤᠨ ᠭᠠᠵᠠᠷ ᠤᠨ ᠪᠠᠶᠢᠴᠠ᠂ ᠠᠭᠤᠷ ᠠᠮᠢᠰᠬᠤᠯ ᠤᠨ | ᠣᠨᠴᠠᠯᠢᠭ ᠵᠡᠷᠭᠡ ᠲᠠᠢ ᠤᠶᠠᠯᠳᠤᠭᠤᠯᠤᠨ᠂ ᠡᠯ᠎ᠡ ᠵᠦᠢᠯ ᠤᠨ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠢ ᠭᠦᠢᠴᠡᠳ | ᠪᠣᠳᠣᠯᠬᠢᠯᠠᠬᠤ ᠬᠡᠷᠡᠭᠲᠡᠶ᠃ ᠳᠡᠭᠡᠳᠦ ᠤᠷᠤᠰᠬᠠᠯ ᠤᠨ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ | ᠤᠷᠢᠳᠴᠢᠯᠠᠨ ᠰᠠᠶᠢᠲᠤᠷ ᠬᠢᠵᠦ᠂ 24 ᠴᠠᠭ ᠤᠨ ᠳᠣᠲᠣᠷ᠎ᠠ ᠳᠡᠭᠡᠳᠦ ᠤᠷᠤᠰᠬᠠᠯ ᠤᠨ ᠪᠣᠷᠣᠭᠠᠨ ᠤ ᠪᠠᠶᠢᠳᠠᠯ᠂ | ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠲᠦᠷᠭᠡᠨ ᠤᠯᠠᠮᠵᠢᠯᠠᠬᠤ ᠶᠢ ᠪᠠᠲᠤᠯᠠᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠦᠶᠡᠷ ᠢ ᠰᠡᠷᠭᠡᠶᠢᠯᠡᠬᠦ | ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠣᠳᠠᠲᠤ ᠪᠠᠶᠢᠯᠳᠤᠭᠠᠨ ᠤ | ᠪᠠᠶᠢᠳᠠᠯ ᠢ ᠳᠠᠭᠤᠷᠢᠶᠠᠵᠤ᠂ ᠺᠠᠳ᠋ᠷ ᠤᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠯ ᠬᠢᠭᠡᠳ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠶᠠᠨ ᠵᠢᠶᠠ ᠸᠧᠢ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | |