ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/11
        6 ᠳ᠋ᠤᠭᠠᠷ ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠨᠠᠶᠢᠳᠠᠯᠭ᠎ᠠ ᠪᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠸᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 150 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ︾ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠭᠢᠯᠡᠬᠦ︾ ᠪᠠᠷ ᠬᠠᠷᠠᠯᠲᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠵᠠᠯᠭᠠᠮᠵᠢ ᠬᠠᠷᠠᠯᠲᠠ ᠵᠢᠴᠢ ᠪᠣᠳᠠᠲᠠᠶ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠡᠭᠡᠭᠡᠨ ᠬᠥᠭᠵᠢᠭᠦᠯᠬᠦ ᠮᠠᠶ᠋ᠢᠭ︾ ᠤᠨ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰ ᠢᠶᠠᠷ ᠭᠤᠣᠯ ᠪᠣᠯᠭᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠺᠠᠳ᠋ᠷ ᠠᠵᠢᠯᠲᠠᠨ ᠨᠢᠭᠡᠪᠦᠷᠢ ᠳᠤ ᠦᠳᠲᠡᠷ ᠲᠦᠷᠭᠡᠨ ᠤᠯᠠᠮᠵᠢᠯᠠᠬᠤ ᠬᠡᠷᠡᠭᠲᠡᠶ᠃ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ︾ 7 ᠲᠠᠯ᠎ᠠ ᠶᠢᠨ ᠭᠤᠤᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠶ᠃ ᠤᠳᠤᠷᠢᠳᠬᠤ ᠺᠠᠳ᠋ᠷᠴᠤᠳ ︽ᠨᠢᠭᠡᠳᠦᠭᠡᠷ ᠬᠠᠷᠢᠭᠤᠴᠠᠯᠭᠠᠲᠠᠨ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠨᠢᠭᠡᠴᠢ ᠳᠤ ᠭᠦᠨᠵᠡᠭᠡᠶᠢᠷᠡᠨ ᠠᠰᠠᠭᠤᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠱᠠᠯᠠᠪᠳᠠᠭᠤᠯᠤᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠳᠤ ᠴᠢᠩᠭ᠎ᠠ ᠬᠢᠨᠠᠯᠲᠠ ᠲᠠᠯᠪᠢᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠬᠥᠮᠦᠨ ᠪᠠ ᠬᠡᠷᠡᠭ ᠢ ᠴᠢᠩᠭ᠎ᠠ ᠪᠠᠶᠢᠴᠠᠭᠠᠨ ᠲᠦᠷᠭᠡᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号