ᠰᠢᠭᠤᠶᠢᠲᠤ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠠᠷᠪᠠᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/12
        6 ᠳ᠋ᠤᠭᠠᠷ ᠰᠠᠷ᠎ᠠ ᠶᠢᠨ 10 ᠤ ᠡᠳᠦᠷ ᠂ ᠤᠯᠤᠰ ᠲᠥᠷᠥ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 18 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠶ ᠰᠢᠶᠠᠩ ᠭᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠪᠠᠳᠠᠷᠠᠭᠤᠯᠵᠤ᠂ ᠮᠠᠨ ᠤ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠨᠡᠶᠢᠭᠡᠮ ᠤᠨ ᠵᠠᠰᠠᠯᠲᠠ᠂ ᠲᠡᠦᠬᠡ ᠰᠣᠶᠣᠯ ᠤᠨ ᠪᠠᠭᠤᠷᠢ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠰᠠᠶᠢᠨ ᠦᠯᠢᠭᠡᠷ ᠳᠠᠭᠤᠷᠢᠶᠠᠯ ᠪᠤᠯᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠬᠦᠳᠦᠯᠦᠨ ᠵᠢᠯᠣᠭᠤᠳᠴᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠱᠠᠳᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠭᠤᠷᠢᠭ ᠤᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠬᠤ ᠴᠡᠭ ᠢ ᠣᠨᠣᠪᠴᠢᠲᠠᠢ ᠰᠣᠩᠭᠤᠵᠤ᠂ ᠪᠠᠷᠠᠭᠠᠯᠬᠢᠯᠠᠯᠳᠤ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠪᠠ ᠃        ᠬᠤᠷᠠᠯ ᠠᠴᠠ ᠪᠠᠰᠠ ᠭᠡᠰᠢᠭᠦᠳ ᠤᠨ ᠨᠡᠮᠡᠵᠦ ᠨᠥᠬᠦᠪᠥᠷᠢᠯᠡᠬᠦ ᠶᠠᠪᠤᠳᠠᠯ ᠢ ᠵᠥᠪᠳᠡᠯᠴᠡᠨ ᠪᠠᠲᠤᠯᠠᠪᠠ᠃        ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠴᠦᠨ᠂ ᠶᠤᠸᠠᠢ ᠵᠢᠶᠠᠨ ᠪᠢᠨ᠂ ᠲᠠᠩ ᠬᠤᠸᠠ ᠢᠦᠶ ᠬᠤᠷᠠᠯ ᠳᠤ ᠣᠷᠣᠯᠴᠠᠵᠠᠶ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号