ᠬᠦᠰᠡᠯ ᠤᠨ ᠰᠢᠵᠢᠮ ᠢ ᠬᠦᠭᠡᠭᠡᠴᠡᠯᠳᠦᠨ  ᠣᠳᠣᠨ ᠮᠡᠴᠢᠳ ᠵᠦᠭ ᠵᠣᠷᠢᠬᠤ — ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ 2025 ᠣᠨ ᠤ ᠨᠠᠰᠤᠨ ᠳᠤ ᠬᠦᠷᠦᠭᠰᠡᠳ · ᠲᠡᠭᠦᠰᠬᠦ ᠬᠤᠤᠰ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2025/6/13
        ᠶᠠᠮᠠᠷ ᠠᠷᠭ᠎ᠠ ᠪᠠᠷ ᠵᠠᠯᠠᠭᠤ ᠨᠠᠰᠣᠨ ᠤ ᠬᠤᠷᠣᠮᠬᠠᠨ ᠵᠠᠭᠤᠷ᠎ᠠ ᠶᠢ ᠲᠣᠭᠲᠠᠪᠤᠷᠢᠵᠢᠭᠤᠯᠬᠤ ᠪᠤᠢ︖ ᠦᠰᠦᠭ ᠪᠢᠴᠢᠭ ᠢᠶᠠᠷ᠂ ᠳᠦᠷᠰᠦ ᠰᠢᠩᠭᠡᠭᠡᠯᠲᠡ ᠪᠠᠷ᠂ ᠳᠠᠭᠤ ᠪᠠᠷ ᠁ ᠡᠰᠡᠬᠦᠯ᠎ᠡ ᠬᠠᠯᠠᠭᠤᠨ ᠪᠦᠭᠡᠳ ᠲᠥᠪ ᠶᠡᠬᠡᠮᠰᠦᠭ ᠨᠠᠰᠤᠨ ᠳᠤ ᠬᠦᠷᠦᠭᠰᠡᠳ ᠤᠨ ᠶᠣᠰᠤᠯᠠᠯ ᠢᠶᠠᠷ        6 ᠳ᠋ᠤᠭᠠᠷ ᠰᠠᠷ᠎ᠠ ᠶᠢᠨ 10 ᠤ ᠡᠳᠦᠷ᠂ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ 2025 ᠬᠤᠭᠤᠴᠠᠭᠠᠨ ᠤ ᠲᠡᠭᠦᠰᠬᠦ ᠶᠣᠰᠣᠯᠠᠯ ᠵᠢᠴᠢ ᠨᠠᠰᠤᠨ ᠳᠤ ᠬᠦᠷᠦᠭᠰᠡᠳ ᠤᠨ ᠶᠣᠰᠣᠯᠠᠯ ᠡᠷᠬᠢᠯᠡᠵᠦ᠂ ᠤᠯᠤᠰ ᠤᠨ ᠨᠢᠭᠡᠳᠦᠯᠲᠡᠢ ᠰᠢᠯᠭᠠᠯᠲᠠ ᠳᠤ  ᠣᠷᠤᠯᠴᠠᠭᠰᠠᠨ ᠭᠤᠷᠪᠠᠳᠤᠭᠠᠷ ᠣᠨ ᠤ ᠰᠤᠷᠤᠭᠴᠢᠳ ᠢ ᠠᠮᠵᠢᠯᠲᠠ ᠲᠠᠢ ᠲᠡᠭᠦᠰᠦᠭᠰᠡᠨ ᠳᠤ ᠪᠠᠶᠠᠷ ᠬᠦᠷᠭᠡᠵᠦ᠂ ᠲᠡᠳᠡᠨ ᠤ ᠰᠤᠷᠤᠭᠴᠢ ᠶᠢᠨ ᠴᠠᠭ ᠦᠶ᠎ᠡ ᠳᠤ ᠥᠩᠭᠡ ᠪᠣᠳᠤᠭ ᠢᠯᠭᠠᠷᠠᠭᠰᠠᠨ ᠨᠢᠭᠡᠨ  ᠬᠠᠭᠤᠳᠠᠰᠤ ᠶᠢ ᠦᠯᠡᠳᠡᠭᠡᠪᠡ ᠃
图片18.png
        ᠤᠷᠢᠬᠠᠨ ᠰᠠᠯᠬᠢ ᠬᠠᠴᠠᠷ ᠢ ᠢᠯᠪᠢᠵᠦ ᠴᠡᠯᠮᠡᠭ ᠣᠭᠲᠠᠷᠭᠤᠢ ᠳᠣᠣᠷ᠎ᠠ᠂ ᠨᠣᠭᠤᠭᠠᠨ ᠵᠦᠯᠭᠡᠨ ᠭᠠᠵᠠᠷ ᠲᠤ ᠪᠦᠯᠦᠭ ᠪᠦᠯᠦᠭ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠢ ᠤᠭᠲᠤᠨ ᠠᠪᠴᠢᠷᠠᠪᠠ ᠃ ᠲᠡᠳᠡ ᠲᠡᠷᠢ ᠲᠡᠭᠰᠢ ᠰᠤᠷᠭᠠᠭᠤᠯᠢ ᠶᠢᠨ ᠬᠤᠪᠴᠠᠰᠤ ᠡᠮᠤᠰᠴᠤ᠂ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷᠯᠡᠨ ᠵᠣᠭᠰᠣᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤᠷᠠᠯ ᠤᠨ ᠢᠶᠠᠨ ᠡᠴᠦᠰ ᠤᠨ ᠨᠢᠭᠡ ᠤᠳᠠᠭᠠᠨ ᠤ ᠲᠤᠭ ᠮᠠᠨᠳᠤᠭᠤᠯᠬᠤ ᠶᠣᠰᠣᠯᠠᠯ ᠢ ᠬᠦᠯᠢᠶᠡᠵᠦ ᠪᠠᠶᠢᠯ᠎ᠠ᠃
图片19.png
        ︽ᠲᠠ ᠨᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠬᠦ ᠶᠢ ᠬᠦᠰᠡᠵᠦ ᠪᠠᠶᠢᠨ᠎ᠠ᠃ ᠪᠠᠰᠠ ᠵᠥᠪ ᠪᠤᠷᠤᠭᠤ ᠶᠢ ᠢᠯᠭᠠᠨ ᠲᠠᠨᠢᠵᠤ᠂ ᠲᠥᠪ ᠶᠣᠰᠣ ᠶᠢ ᠪᠠᠲᠤ ᠰᠠᠬᠢᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭᠠᠲᠤ ᠰᠡᠳᠬᠢᠯᠭᠡ ᠲᠠᠢ᠂ ᠲᠥᠪ ᠭᠤᠣᠯᠴᠢ ᠰᠡᠳᠬᠢᠯᠭᠡ ᠲᠠᠢ ᠬᠥᠮᠦᠨ ᠪᠣᠯᠬᠤ ᠬᠡᠷᠡᠭᠲᠡᠢ᠃ ᠬᠠᠮᠤᠭ ᠰᠡᠭᠦᠯ ᠳᠤ ᠨᠢ ᠲᠠ ᠨᠠᠷ ᠤᠨ ︿ᠭᠡᠷ ᠲᠤ ᠪᠠᠨ ᠪᠤᠴᠠᠬᠤ ᠢᠷᠡᠬᠦ﹀ ᠶᠢ ᠬᠦᠰᠡᠵᠦ ᠪᠠᠶᠢᠨ᠎ᠠ ︾ ᠭᠡᠵᠦ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ᠂ ᠪᠠᠭᠰᠢ ᠶᠢᠨ ᠲᠥᠯᠥᠭᠡᠯᠡᠭᠴᠢ ᠪᠣᠯᠤᠨ ᠰᠤᠷᠭᠠᠭᠤᠯᠢ ᠶᠢᠨ ᠵᠠᠬᠢᠷᠤᠯ ᠲᠠᠰ ᠳᠠᠷᠠᠭᠠᠯᠠᠨ ᠶᠠᠷᠢᠶ᠎ᠠ ᠲᠠᠯᠪᠢᠵᠤ᠂ ᠥᠩᠭᠡᠷᠡᠭᠰᠡᠨ ᠭᠤᠷᠪᠠᠨ ᠵᠢᠯ ᠤᠨ ᠬᠦᠴᠦ ᠬᠥᠯᠥᠰᠥ ᠪᠣᠯᠤᠨ ᠳᠣᠭᠳᠣᠯᠤᠯ ᠢ ᠨᠠᠷᠢᠨ ᠲᠣᠭᠠᠴᠢᠵᠤ ᠂ ᠦᠶ ᠣᠯᠠᠨ ᠰᠤᠷᠤᠭᠴᠢᠳ ᠲᠤ ᠢᠷᠡᠭᠡᠳᠦᠶ ᠶᠢᠨ ᠠᠮᠢᠳᠤᠷᠠᠯ ᠤᠨ ᠲᠤᠬᠠᠶ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ ᠳᠠᠷᠠᠭ᠎ᠠ ᠨᠢ᠂ ᠰᠤᠷᠭᠠᠭᠤᠯᠢ ᠶᠢᠨ ᠵᠠᠬᠢᠷᠤᠯ ᠰᠤᠷᠤᠭᠴᠢᠳ ᠲᠤ ᠲᠡᠭᠦᠰᠬᠦ ᠦᠨᠡᠮᠯᠡᠯ ᠣᠯᠭᠤᠵᠤ᠂ ᠲᠡᠳᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠵᠢᠯ ᠤᠨ ᠰᠤᠷᠤᠯᠭ᠎ᠠ ᠠᠮᠢᠳᠤᠷᠠᠯ ᠳᠤ ᠲᠡᠭᠦᠰ ᠠᠮᠵᠢᠯᠲᠠ  ᠲᠡᠭᠦᠰᠬᠡᠯ ᠤᠨ ᠴᠡᠭ ᠵᠢᠷᠤᠪᠠ ᠃
图片20.png
        ᠲᠩᠷᠢ ᠲᠤᠯᠤᠮ᠎ᠠ ᠰᠦᠷ ᠵᠢᠪᠬᠤᠭ᠎ᠠ ᠲᠠᠢ ᠶᠣᠰᠣᠯᠠᠯ ᠤᠨ ᠫᠤᠤ ᠪᠣᠯᠤᠨ ᠥᠩᠭᠡᠲᠦ ᠬᠤᠸᠠᠷ ᠫᠤᠤᠵᠢᠩ ᠤᠨ ᠳᠤᠮᠳᠠ᠂ ᠪᠦᠬᠦ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠪᠠᠭᠰᠢ ᠶᠢᠨ ᠳᠠᠭᠠᠭᠤᠯᠭ᠎ᠠ ᠳᠣᠣᠷ᠎ᠠ ︽ᠨᠠᠰᠤᠨ ᠳᠤ ᠬᠦᠷᠦᠭᠰᠡᠳ ᠤᠨ ᠡᠭᠦᠳᠡ︾ ᠶᠢ ᠠᠯᠬᠤᠨ ᠥᠩᠭᠡᠷᠡᠪᠡ᠃ ᠰᠤᠷᠭᠠᠭᠤᠯᠢ ᠶᠢᠨ ᠵᠠᠬᠢᠷᠤᠯ ᠡᠭᠦᠳᠡᠨ ᠤ ᠬᠠᠵᠠᠭᠤ ᠳᠤ ᠢᠨᠢᠶᠡᠮᠰᠦᠭᠯᠡᠨ ᠵᠣᠭᠰᠣᠵᠤ᠂ ᠰᠤᠷᠤᠭᠴᠢᠳ ᠲᠠᠢ ᠨᠢᠭᠡ ᠨᠢᠭᠡ ᠪᠠᠷ ᠠᠯᠠᠭ᠎ᠠ ᠲᠠᠰᠢᠪᠠ ᠂ ᠠᠩᠬ᠎ᠠ  ᠰᠤᠷᠭᠠᠭᠤᠯᠢ ᠳᠤ ᠣᠷᠣᠬᠤ ᠦᠶ᠎ᠡ ᠳᠤ ᠲᠡᠳᠡᠨ ᠢ ᠬᠦᠲᠦᠯᠦᠨ ᠵᠢᠯᠤᠭᠤᠳᠴᠤ ᠮᠡᠳᠡᠯᠭᠡ ᠶᠢᠨ ᠣᠷᠳᠤᠨ ᠳᠤ  ᠣᠷᠣᠭᠤᠯᠤᠭᠰᠠᠨ ᠲᠠᠢ ᠠᠳᠠᠯᠢ ᠃ ᠳᠤᠮᠳᠠᠳᠤ ᠰᠤᠷᠭᠠᠭᠤᠯᠢ ᠶᠢᠨ ᠴᠠᠭ ᠦᠶ᠎ᠡ ᠨᠢᠭᠡᠨᠲᠡ ᠳᠠᠭᠤᠰᠴᠠᠢ᠂ ᠭᠡᠪᠡᠴᠦ ᠠᠳᠡ ᠰᠤᠷᠴᠤ ᠣᠯᠣᠭᠰᠠᠨ ᠮᠡᠳᠡᠯᠭᠡ ᠪᠣᠯᠣᠨ ᠬᠥᠮᠥᠨ ᠪᠣᠯᠬᠤ ᠶᠣᠰᠤ  ᠤᠴᠢᠷ ᠲᠡᠳᠡᠨ ᠢ ᠳᠠᠭᠠᠵᠤ ᠨᠡᠩ ᠬᠤᠯᠠ ᠶᠠᠪᠤᠬᠤ ᠪᠣᠯᠣᠨ᠎ᠠ᠃
        ︽ᠰᠤᠷᠤᠯᠭ᠎ᠠ ᠲᠡᠭᠦᠰᠬᠦ ᠲᠠᠰᠢᠷᠠᠮ ᠢᠶᠠᠷ ᠂ ᠰᠤᠷᠤᠭᠴᠢᠳ ᠲᠤ ᠬᠡᠯᠡᠬᠦ ᠨᠢ᠂ ᠢᠲᠡᠭᠡᠯ ᠪᠠ ᠪᠠᠷᠢᠮᠲᠠᠯᠠᠯ ᠠᠮᠵᠢᠯᠲᠠ ᠂ ᠬᠢᠷᠢ ᠪᠦᠲᠦᠮᠵᠢ ᠠᠴᠠ ᠨᠡᠩ ᠴᠢᠬᠤᠯᠠ ᠃ ᠲᠠ ᠨᠠᠷ ᠤᠨ ᠳᠠᠷᠠᠭᠠᠴᠢ ᠶᠢᠨ  ᠠᠮᠢᠳᠤᠷᠠᠯ ᠳᠠᠭᠠᠨ ᠨᠡᠩ ᠤᠯᠠᠨ ᠪᠠᠶᠠᠷ ᠪᠠᠶᠠᠰᠤᠯ ᠪᠠ ᠵᠣᠯ ᠵᠢᠷᠭᠠᠯ ᠬᠦᠷᠲᠡᠬᠦ ᠶᠢ ᠬᠦᠰᠡᠵᠦ ᠪᠠᠶᠢᠨ᠎ᠠ︾ ᠭᠡᠵᠦ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠲᠠᠪᠤᠳᠤᠭᠠᠷ ᠠᠩᠬᠢ ᠶᠢᠨ ᠡᠷᠬᠢᠯᠡᠭᠴᠢ ᠰᠦ ᠮᠢᠩ ᠬᠡᠯᠡᠪᠡ᠃        ᠨᠠᠰᠤᠨ ᠳᠤ ᠬᠦᠷᠦᠭᠰᠡᠳ ᠤᠨ ᠶᠣᠰᠣᠯᠠᠯ ᠤᠨ ᠲᠠᠷᠠᠭ᠎ᠠ᠂ ᠰᠤᠷᠤᠭᠴᠢᠳ ᠪᠠᠭᠰᠢ ᠶᠢᠨ ᠵᠣᠬᠢᠶᠠᠨ ᠪᠠᠶᠢᠭᠤᠯᠤᠯᠲᠠ ᠳᠣᠣᠷ᠎ᠠ ᠡᠮᠬᠢ ᠵᠢᠷᠤᠮ ᠲᠠᠢ ᠪᠠᠷ ᠲᠠᠮᠢᠷ ᠤᠨ ᠲᠠᠯᠠᠪᠠᠢ ᠳᠤ ᠬᠦᠷᠴᠦ ᠲᠡᠭᠦᠰᠬᠦ ᠰᠡᠭᠦᠳᠡᠷ ᠲᠠᠲᠠᠪᠠ᠃ ᠵᠠᠷᠢᠮ ᠰᠤᠷᠤᠭᠴᠢᠳ ᠡᠷᠲᠡ ᠪᠡᠯᠡᠳᠬᠡᠭᠰᠡᠨ ᠰᠣᠷᠭᠤᠭ  ᠴᠡᠴᠡᠭ ᠢᠶᠠᠨ ᠭᠤᠷᠪᠠᠨ ᠵᠢᠯ ᠲᠤᠷᠰᠢ ᠢᠮᠡᠭ᠌ᠲᠠ ᠬᠦᠨᠳᠦᠳᠬᠡᠳᠡᠭ ᠪᠠᠭᠰᠢ ᠳᠠᠭᠠᠨ ᠬᠦᠷᠭᠡᠵᠦ᠂ ᠵᠠᠷᠢᠮ ᠰᠤᠷᠤᠭᠴᠢᠳ ᠭᠤᠶᠣ ᠰᠠᠢᠬᠠᠨ ᠬᠤᠪᠴᠠᠰᠤ ᠪᠠᠨ ᠰᠣᠯᠢᠵᠤ ᠬᠠᠮᠲᠤ ᠨᠦᠭᠦᠳ ᠨᠠᠶᠢᠵᠠ ᠨᠠᠷ ᠲᠠᠢ ᠪᠠᠨ  ᠰᠡᠭᠦᠳᠡᠷ ᠲᠠᠲᠠᠵᠤ ᠳᠤᠷᠠᠰᠬᠠᠯ ᠦᠯᠡᠳᠡᠭᠡᠨ᠎ᠡ ᠂ ᠪᠠᠰᠠ ᠵᠠᠷᠢᠮ ᠬᠠᠮᠲᠤ ᠰᠤᠷᠤᠭᠴᠢᠳ ᠭᠤᠷᠪᠠ  ᠲᠠᠪᠤᠭᠤᠯᠠ ᠪᠠᠨ ᠲᠠᠮᠢᠷ ᠤᠨ ᠲᠠᠯᠠᠪᠠᠢ ᠳᠤ ᠰᠠᠭᠤᠵᠤ᠂ ᠢᠷᠡᠭᠡᠳᠦᠢ ᠶᠢᠨ ᠲᠥᠯᠥᠪᠵᠢᠭᠦᠯᠭᠡ ᠪᠠ ᠬᠦᠰᠡᠯ ᠢᠶᠠᠨ ᠶᠠᠷᠢᠯᠴᠠᠨ᠂ ᠪᠠᠰᠠ ᠠᠮᠠᠷᠠᠯᠲᠠ ᠶᠢᠨ ᠬᠤᠭᠤᠴᠠᠭᠠᠨ ᠳᠤ ᠬᠠᠮᠲᠤ ᠵᠤᠭᠠᠴᠠᠬᠤ ᠪᠠᠷ  ᠪᠣᠯᠵᠤᠨ᠎ᠠ ᠃
        ︽ᠰᠠᠯᠬᠢᠨ ᠦᠯᠢᠭᠡᠷ ᠤᠨ ᠦᠷ᠎ᠡ ᠶᠢ ᠠᠪᠴᠢᠷᠠᠵᠤ ᠂ ᠴᠠᠭ ᠨᠢ ᠲᠡᠭᠦᠨ ᠢ ᠰᠣᠶᠣᠭᠠᠯᠠᠭᠤᠯᠤᠨ᠎ᠠ︾᠂ ᠵᠠᠯᠠᠭᠤ ᠨᠠᠰᠤᠨ ᠤ ᠨᠢᠯᠬᠠᠰᠠᠭ ᠴᠢᠷᠠᠢ ᠨᠢ ᠭᠡᠷᠡᠯ ᠤᠨ ᠰᠡᠭᠦᠳᠡᠷ ᠳᠣᠲᠣᠷ᠎ᠠ ᠬᠡᠳᠦᠨ ᠠᠷᠪᠢᠨ ᠴᠢᠩ ᠰᠡᠳᠬᠢᠯ ᠤᠨ ᠬᠦᠰᠡᠯ ᠡᠷᠡᠮᠡᠯᠵᠡᠯ ᠦᠯᠡᠳᠡᠭᠡᠭᠰᠡᠨ ᠪᠠᠶᠢᠨ᠎ᠠ᠄  ︽ᠠᠷᠠᠳ ᠤᠨ ᠪᠠᠭᠰᠢ ᠪᠣᠯᠤᠨ᠎ᠠ ︾᠂ ︽ᠡᠮᠦᠨᠡᠲᠦ ᠣᠷᠣᠨ ᠳᠤ ᠣᠴᠢᠵᠤ ᠲᠡᠷᠢᠭᠦᠨ ᠤ ᠰᠢᠨᠵᠢᠯᠡᠭᠡᠨ ᠤ ᠮᠡᠷᠭᠡᠵᠢᠯ ᠢ ᠰᠤᠷᠤᠯᠴᠠᠵᠤ ᠨᠤᠲᠤᠭ ᠲᠠᠭᠠᠨ ᠠᠪᠴᠢᠷᠠᠨ᠎ᠠ ︾᠂ ︽ᠨᠡᠩ ᠬᠤᠯᠠ ᠭᠠᠵᠠᠷ ᠣᠴᠢᠨ᠎ᠠ ︾᠂ ︽ᠰᠡᠭᠦᠯᠡᠷ ᠫᠷᠤᠭ᠍ᠷᠠᠮᠴᠢ ᠪᠣᠯᠤᠨ᠎ᠠ︾᠂ ︽ ᠬᠦᠰᠡᠯᠡᠩ ᠤᠨ ᠶᠡᠭᠡ ᠰᠤᠷᠭᠠᠭᠤᠯᠢ ᠳᠤ ᠪᠠᠨ ᠰᠢᠯᠭᠠᠵᠤ ᠣᠷᠣᠬᠤ ᠶᠢ ᠬᠦᠰᠡᠵᠦ ᠪᠠᠶᠢᠨ᠎ᠠ︾ ᠁ ᠪᠢᠳᠡ ᠨᠢᠭᠡ ᠯᠡ  ᠳᠡᠭᠡᠷ᠎ᠡ ᠵᠠᠯᠠᠭᠤ ᠨᠠᠰᠤ ᠪᠤᠯᠤᠨ ᠵᠠᠯᠠᠭᠤ ᠨᠠᠰᠤᠨ ᠤ ᠲᠤᠬᠠᠢ ᠲᠦᠷᠦᠭᠳᠡᠯ ᠲᠠᠢ ᠪᠠᠶᠢᠵᠤ ᠴᠢᠳᠠᠬᠤ ᠦᠭᠡᠢ ᠶᠤᠮ᠂ ᠬᠠᠷᠢᠨ ᠵᠠᠯᠠᠭᠤ ᠨᠠᠰᠤᠨ ᠤ ᠵᠤᠷᠢᠭ ᠰᠦᠰᠦ ᠪᠤᠯᠤᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢ ᠬᠠᠪᠰᠤᠷᠭᠠᠨ ᠡᠭᠦᠷᠭᠡᠯᠡᠵᠦ ᠴᠢᠳᠠᠨ᠎ᠠ ᠃        ᠬᠠᠶᠢᠷᠠᠲᠤ ᠰᠤᠷᠤᠭᠴᠢᠳ ᠠ᠂ ᠲᠠ ᠨᠠᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠷ ᠥᠪᠡᠷ ᠤᠨ ᠪᠡᠶ᠎ᠡ ᠳᠡᠭᠡᠨ ᠬᠠᠷᠢᠶᠠᠯᠠᠭᠳᠠᠬᠤ ᠠᠮᠢᠳᠤᠷᠠᠯ ᠤᠨ ᠰᠢᠨ᠎ᠡ ᠬᠠᠭᠤᠳᠠᠰᠤ ᠪᠠᠨ ᠪᠢᠴᠢᠭᠯᠡᠬᠦ ᠶᠢ ᠬᠦᠰᠡᠨ ᠵᠥᠩᠨᠡᠶ᠎ᠡ᠃ 
 
ᠢᠷᠡᠯᠲᠡ᠄ ᠪᠠᠭ᠋ᠠᠷᠬᠠᠯᠲᠤ ᠰᠢᠭᠤᠶᠢᠲᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号