ᠰᠢᠨ ᠸᠠᠩ ᠨᠡᠶᠢᠭᠡᠮ ᠲᠣᠭᠤᠷᠢᠭ᠄ ᠪᠣᠭᠤᠷᠤᠯᠴᠤᠳ ᠬᠦᠴᠦ ᠪᠠᠨ ᠲᠥᠪᠯᠡᠷᠡᠭᠦᠯᠦᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ  ᠭᠤᠷᠪᠠᠨ ᠶᠡᠭᠡ ᠭᠤᠤᠯ ᠰᠡᠳᠦᠪᠲᠦ ᠠᠵᠢᠯᠯᠠᠭ᠎ᠠ ᠨᠢ ᠥᠲᠡᠯᠦᠭᠡ ᠨᠠᠰᠤᠨ ᠤ ᠴᠤᠭ ᠵᠢᠪᠬᠤᠭ᠎ᠠ ᠶᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2025/6/15
        ᠠᠵᠢᠯ ᠠᠴᠠ ᠪᠠᠨ ᠠᠮᠠᠷᠠᠭᠰᠠᠨ ᠺᠠᠳ᠋ᠷ᠂ ᠠᠬᠠᠮᠠᠳ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠵᠠᠰᠠᠯᠲᠠ ᠳᠤᠮᠳᠠᠬᠢ ᠲᠤᠷᠰᠢᠯᠭ᠎ᠠ ᠶᠢᠨ ᠪᠠᠶᠢᠳᠠᠯ ᠪᠣᠯᠤᠨ ᠵᠢᠱᠢᠶᠡᠴᠢ ᠦᠢᠯᠡᠳᠦᠯ ᠢ ᠭᠦᠢᠴᠡᠳ ᠬᠥᠭᠵᠢᠭᠡᠬᠦ ᠶᠢᠨ ᠲᠥᠯᠥᠭᠡ᠂ ᠰᠢᠨ ᠸᠠᠩ ᠨᠡᠶᠢᠭᠡᠮ ᠲᠣᠭᠤᠷᠢᠭ ᠤᠨ ︽  ᠪᠣᠭᠤᠷᠤᠯᠴᠤᠳ ᠤᠨ ᠬᠦᠴᠦᠨ ᠢ ᠲᠥᠪᠯᠡᠷᠡᠭᠦᠯᠬᠦ︾ ᠭᠤᠣᠯᠯᠠᠭᠴᠢ ᠣᠶᠢᠯᠠᠭᠠᠭᠳᠠᠬᠤᠨ ᠢᠶᠠᠷ ᠭᠤᠷᠪᠠᠨ ᠶᠡᠭᠡ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠵᠦ᠂ ᠪᠣᠭᠤᠷᠤᠯᠴᠤᠳ ᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠬᠤ ᠳᠤᠮᠳᠠ ᠠᠮᠢᠵᠢᠷᠠᠯ ᠤᠨ ᠬᠦᠴᠦᠨ ᠢ ᠨᠢ ᠪᠠᠳᠠᠷᠠᠭᠤᠯᠵᠤ᠂ ᠤᠯᠠᠨ ᠡᠰᠢᠲᠦ ᠬᠡᠯᠪᠡᠷᠢ ᠪᠠᠷ ᠥᠲᠡᠯᠦᠭᠡ ᠨᠠᠰᠤᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ  ᠨᠢ ᠭᠡᠷᠡᠯᠲᠦᠭᠦᠯᠪᠡ ᠃        ᠢᠳᠡᠷᠡᠭᠦᠨ ᠠᠯᠬᠤᠭ᠎ᠠ ᠪᠠᠷ ᠭᠤᠣᠯ ᠵᠡᠭᠡᠯᠢ ᠪᠠᠷ ᠶᠠᠪᠤᠵᠤ᠂ ᠨᠡᠶᠢᠭᠡᠮ ᠲᠣᠭᠤᠷᠢᠭ ᠤᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠪᠠ        ᠦᠦᠷ ᠤᠨ ᠲᠣᠯᠤᠩ ᠢ ᠤᠭᠲᠤᠵᠤ᠂ ᠰᠢᠨ ᠸᠠᠩ ᠨᠡᠶᠢᠭᠡᠮ ᠲᠣᠭᠤᠷᠢᠭ ᠤᠨ  ᠬᠢᠨ ᠠᠵᠢᠯ ᠠᠴᠠ ᠪᠠᠨ ᠠᠮᠠᠷᠠᠭᠰᠠᠨ ᠺᠠᠳ᠋ᠷ᠂ ᠠᠬᠠᠮᠠᠳ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ︽ᠨᠡᠶᠢᠭᠡᠮ ᠲᠣᠭᠤᠷᠢᠭ ᠢ ᠬᠡᠮᠵᠢᠵᠦ᠂ ᠭᠡᠷ ᠣᠷᠣᠨ ᠲᠠᠢ ᠰᠡᠳᠬᠢᠯ ᠵᠢᠷᠦᠬᠡ ᠪᠠᠨ ᠬᠤᠯᠪᠣᠬᠤ︾ ᠢᠳᠡᠷᠡᠬᠦᠨ ᠠᠯᠬᠤᠬᠤ ᠠᠵᠢᠯᠯᠠᠭ᠎ᠠ ᠦᠷᠨᠢᠭᠦᠯᠪᠡ ᠃ ᠡᠩᠨᠡᠭᠡ ᠨᠢ ᠨᠡᠶᠢᠭᠡᠮ ᠲᠣᠭᠤᠷᠢᠭ ᠤᠨ ᠭᠤᠣᠯ ᠵᠡᠭᠡᠯᠢ ᠪᠠᠷ ᠡᠮᠬᠢ ᠵᠢᠷᠤᠮ ᠲᠠᠢ ᠪᠠᠷ ᠤᠷᠤᠭᠰᠢᠯᠠᠵᠤ᠂ ᠵᠠᠮ ᠳᠠᠭᠠᠤ ᠨᠠᠷᠢᠨ ᠨᠢᠮᠪᠠᠢ ᠲᠣᠬᠢᠷᠠᠭᠤᠯᠤᠭᠰᠠᠨ ᠠᠭᠤᠷᠬᠠᠢ ᠶᠢᠨ ᠳᠤᠷᠠᠰᠤᠮᠵᠢ ᠶᠢᠨ ᠦᠵᠡᠭᠦᠯᠦᠯᠭᠡ ᠶᠢᠨ ᠲᠢᠩᠬᠢᠮ᠂ ᠡᠯ᠎ᠡ ᠴᠢᠳᠠᠮᠵᠢᠳᠤ ᠠᠵᠢᠯᠯᠠᠭᠠᠨ ᠤ ᠲᠠᠰᠤᠭ ᠵᠡᠷᠭᠡ ᠺᠠᠷᠲᠯᠠᠬᠤ ᠴᠡᠭ ᠨᠢ ᠶᠠᠭ ᠯᠠ ᠰᠢᠯᠵᠢᠵᠦ ᠪᠠᠶᠢᠭ᠎ᠠ ᠵᠢᠷᠤᠭ ᠳᠦᠷᠰᠦ ᠮᠡᠲᠦ᠃ ᠠᠬᠠᠮᠠᠳ ᠨᠥᠬᠦᠳ ᠨᠢᠭᠡ ᠭᠠᠵᠠᠷ ᠬᠦᠷᠪᠡᠯ  ᠵᠢᠭᠠᠬᠠᠨ ᠠᠮᠠᠷᠠᠵᠤ ᠰᠠᠨᠠᠯ ᠢᠶᠠᠨ ᠰᠣᠯᠢᠯᠴᠠᠵᠤ᠂ ᠭᠠᠷ ᠤᠲᠠᠰᠤ ᠪᠠᠷ ᠢᠶᠠᠨ ᠨᠡᠶᠢᠭᠡᠮ ᠲᠣᠭᠤᠷᠢᠭ ᠤᠨ ᠬᠤᠪᠢᠷᠠᠯᠲᠠ ᠪᠣᠯᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠲᠡᠮᠳᠡᠭᠯᠡᠵᠦ᠂ ᠢᠳᠡᠷᠡᠭᠦᠨ ᠠᠯᠬᠤᠭ᠎ᠠ ᠪᠠᠷ ᠨᠡᠶᠢᠭᠡᠮ ᠲᠣᠭᠤᠷᠢᠭ ᠤᠨ ᠬᠥᠭᠵᠢᠯᠲᠡ ᠶᠢᠨ ᠪᠠᠶᠢᠳᠠᠯ ᠢ ᠮᠡᠳᠡᠷᠡᠵᠦ᠂ ᠪᠠᠰᠠ ᠪᠣᠭᠤᠷᠤᠯᠴᠤᠳ ᠤᠨ ᠪᠠᠷ᠎ᠠ ᠶᠢ ᠭᠤᠤᠯ ᠵᠡᠭᠡᠯᠢ ᠳᠡᠭᠡᠷᠡᠬᠢ ᠨᠢᠭᠡᠨ ᠳᠤᠯᠠᠭᠠᠨ ᠦᠵᠡᠮᠵᠢ ᠶᠢᠨ ᠱᠣᠭᠤᠮ ᠪᠣᠯᠭᠠᠪᠠ᠃
        ᠰᠠᠭᠤᠳᠠᠯ ᠤᠨ ᠬᠤᠷᠠᠯ ᠳᠡᠭᠡᠷ᠎ᠡ ᠤᠶᠤᠨ ᠤᠬᠠᠭᠠᠨ ᠢ ᠨᠢᠭᠲᠠᠷᠠᠭᠤᠯᠵᠤ᠂ ᠪᠣᠭᠤᠷᠤᠯᠴᠤᠳ ᠰᠢᠨ᠎ᠡ ᠠᠶᠠᠨ ᠢ ᠡᠬᠢᠯᠡᠭᠦᠯᠪᠡ        ︽ᠨᠡᠶᠢᠭᠡᠮ ᠲᠣᠭᠤᠷᠢᠭ ᠤᠨ ᠬᠥᠭᠵᠢᠯᠲᠡ ᠨᠢ ᠠᠬᠠᠮᠠᠳ ᠨᠥᠬᠦᠳ ᠤᠨ ᠲᠤᠷᠰᠢᠯᠭ᠎ᠠ ᠪᠠ ᠰᠠᠨᠠᠭᠤᠯᠭ᠎ᠠ ᠠᠴᠠ ᠰᠠᠯᠵᠤ ᠴᠢᠳᠠᠬᠤ ᠦᠭᠡᠢ ᠶᠤᠮ︾᠃ ᠰᠠᠭᠤᠳᠠᠯ ᠤᠨ ᠬᠤᠷᠠᠯ ᠳᠡᠭᠡᠷ᠎ᠡ᠂ ᠬᠥᠲᠥᠯᠥᠭᠴᠢ ᠠᠴᠠ ᠡᠬᠢᠯᠡᠯᠲᠡ ᠶᠢᠨ ᠦᠭᠡ ︽ ᠪᠣᠭᠤᠷᠤᠯᠴᠤᠳ ᠬᠡᠷᠡᠭ ᠵᠥᠪᠯᠡᠵᠦ · ᠢᠷᠡᠭᠡᠳᠦᠶ ᠶᠢ ᠬᠠᠮᠲᠤ ᠪᠠᠷ ᠶᠠᠷᠢᠯᠴᠠᠬᠤ︾ ᠬᠥᠰᠢᠭᠡ ᠶᠢ ᠰᠡᠬᠦᠪᠡ᠃ ᠤᠯᠠᠨ ᠢᠶᠠᠷ ᠢᠶᠠᠨ ᠨᠢᠭᠡ ᠲᠠᠩᠬᠢᠮ ᠳᠤ ᠲᠣᠭᠤᠷᠢᠨ ᠰᠠᠭᠤᠵᠤ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠᠶᠠᠷᠢᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠴᠠ ᠨᠠᠰᠤᠲᠠᠶᠢᠴᠤᠳ ᠤᠨ ᠠᠵᠢᠯᠯᠠᠭ᠎ᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠦᠷᠲᠡᠯ᠎ᠡ᠂ ᠬᠥᠷᠰᠢ ᠵᠡᠷᠭᠡᠯᠡᠳᠡᠭᠡ ᠶᠢᠨ ᠵᠥᠷᠢᠴᠡᠯ ᠠᠴᠠ ᠰᠣᠶᠣᠯ ᠤᠨ ᠠᠵᠢᠯᠯᠠᠭ᠎ᠠ ᠥᠷᠨᠢᠭᠦᠯᠬᠦ ᠬᠦᠷᠲᠡᠯ᠎ᠡ ᠮᠠᠰᠢ ᠤᠯᠠᠨ ᠰᠠᠨᠠᠭᠤᠯᠭ᠎ᠠ ᠳᠤᠷᠠᠳᠴᠠᠢ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠬᠠᠮᠲᠤᠪᠠᠷ ᠵᠥᠪᠳᠡᠯᠴᠡᠨ ︽ᠪᠣᠭᠤᠷᠤᠯᠴᠤᠳ ᠤᠨ ᠣᠶᠣᠨ ᠤ ᠪᠦᠯᠬᠦᠮ︾ ᠢ ᠪᠠᠶᠢᠭᠤᠯᠪᠠ᠂ ᠡᠨᠡ ᠬᠦ ᠠᠵᠢᠯ ᠠᠴᠠ ᠪᠠᠨ ᠠᠮᠠᠷᠠᠭᠰᠠᠨ ᠺᠠᠳ᠋ᠷ᠂ ᠠᠬᠠᠮᠠᠳ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠠᠬᠠᠮᠠᠳ ᠭᠤᠤᠯᠯᠠᠭᠴᠢ ᠬᠦᠴᠦᠨ ᠢᠶᠠᠷ ᠪᠦᠷᠢᠯᠳᠦᠭᠰᠡᠨ ᠣᠨᠴᠠᠭᠠᠶ ᠡᠩᠨᠡᠭᠡ ᠨᠢ ︽ᠪᠣᠭᠤᠷᠤᠯ ᠵᠦᠪᠯᠡᠭᠴᠢ︾ ᠶᠢᠨ ᠬᠤᠪᠢ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠤᠳᠠᠰᠤ ᠳᠤ ᠣᠷᠣᠯᠴᠠᠬᠤ ᠪᠣᠯᠤᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠯᠢᠦ ᠰᠢᠶᠠᠨ ᠡᠾᠦ᠋ᠢ ᠄ ︽ᠠᠵᠢᠯ ᠠᠴᠠ ᠪᠠᠨ ᠠᠮᠠᠷᠠᠬᠤ ᠨᠢ ᠲᠠᠯᠠᠪᠠᠢ ᠠᠴᠠ ᠭᠠᠷᠬᠤ ᠶᠢ ᠲᠥᠯᠥᠭᠡᠯᠡᠵᠦ ᠪᠠᠶᠢᠬᠤ ᠪᠢᠰᠢ ᠂ ᠪᠢᠳᠡ ᠬᠡᠳᠦᠨ ᠠᠷᠪᠠᠨ ᠵᠢᠯ ᠬᠠᠳᠠᠭᠠᠯᠠᠭᠰᠠᠨ ︿ᠨᠡᠶᠢᠭᠡᠮ ᠲᠣᠭᠤᠷᠢᠭ ᠤᠨ ᠰᠤᠳᠤᠷ﹀ ᠢᠶᠠᠨ ᠵᠠᠰᠠᠯᠲᠠ ᠶᠢᠨ ᠠᠯᠲᠠᠨ ᠴᠡᠭ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠰᠡᠳᠬᠢᠯ ᠳᠣᠭᠳᠣᠯᠤᠨ ᠬᠡᠯᠡᠪᠡ᠃
图片10.png
        ᠰᠠᠶᠢᠨ ᠳᠤᠷ᠎ᠠ ᠶᠢᠨ ᠠᠷᠢᠭᠤᠨ ᠴᠡᠪᠡᠷ ᠤᠨ ᠠᠵᠢᠯᠯᠠᠭ᠎ᠠ ᠂ ᠪᠣᠭᠤᠷᠤᠯᠴᠤᠳ ᠬᠤᠰᠢᠭᠤᠴᠢ ᠪᠣᠯᠵᠤ ᠬᠦᠮᠦᠰ ᠤᠨ ᠰᠡᠳᠬᠢᠯ ᠢ ᠳᠤᠯᠠᠭᠠᠴᠠᠭᠤᠯᠤᠨ᠎ᠠ        ︽ᠬᠥᠳᠡᠯᠭᠡᠭᠡᠨ ᠤ ᠲᠠᠰᠤᠭ ᠪᠣᠯ ᠮᠠᠨ ᠤ ᠡᠩ ᠤᠨ ᠦᠶ᠎ᠡ ᠶᠢᠨ ᠬᠥᠳᠡᠯᠭᠡᠭᠡᠨ ᠤ ︿ᠭᠡᠷ﹀᠂ ᠲᠡᠭᠦᠨ ᠢ ᠨᠠᠩ ᠴᠡᠪᠡᠷ ᠲᠤᠩᠭᠠᠯᠠᠭ ᠪᠣᠯᠭᠠᠬᠤ ᠬᠡᠷᠡᠭᠲᠡᠶ︕︾ ︽ᠪᠣᠭᠤᠷᠤᠯᠴᠤᠳ ᠤᠨ ᠰᠠᠶᠢᠨ ᠳᠤᠷ᠎ᠠ ᠶᠢᠨ ᠠᠵᠢᠯᠯᠠᠭᠴᠢ · ᠭᠡᠷ ᠣᠷᠣᠨ ᠢᠶᠠᠨ ᠭᠤᠶᠤᠵᠢᠭᠤᠯᠬᠤ︾ ᠠᠵᠢᠯᠯᠠᠭ᠎ᠠ ᠳᠤᠮᠳᠠ᠂ ᠠᠬᠠᠮᠠᠳ ᠨᠥᠬᠦᠳ ᠪᠡᠭᠡᠯᠡᠢ ᠵᠡᠭᠦᠵᠦ᠂ ᠱᠦᠭᠦᠷ ᠪᠠᠷᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠰᠤᠭ ᠢ ᠴᠡᠪᠡᠷᠯᠡᠬᠦ ᠳᠤᠮᠳᠠ ᠣᠷᠣᠯᠴᠠᠪᠠ᠃ ᠵᠠᠷᠢᠮ ᠨᠢ ᠰᠢᠷᠡᠭᠡ ᠰᠠᠨᠳᠠᠯᠢ ᠡᠭᠦᠳᠡ ᠴᠣᠩᠬᠤ ᠶᠢ ᠨᠠᠷᠢᠨ ᠨᠢᠮᠪᠠᠶ ᠠᠷᠴᠢᠵᠤ᠂ ᠵᠠᠷᠢᠮ ᠨᠢ ᠬᠤᠭ ᠲᠣᠭᠤᠰᠣ ᠶᠢ ᠨᠠᠷᠢᠨ ᠬᠢᠨᠠᠮᠠᠭᠠᠶ ᠴᠡᠪᠡᠷᠯᠡᠵᠦ᠂ ᠵᠠᠷᠢᠮ ᠨᠢ ᠨᠣᠮ ᠪᠢᠴᠢᠭ ᠰᠣᠨᠢᠨ ᠰᠡᠳᠬᠦᠯ ᠢ ᠨᠠᠷᠢᠨ ᠨᠢᠮᠪᠠᠶ ᠡᠮᠬᠢᠯᠡᠨ ᠲᠢᠭᠯᠡᠨ᠎ᠡ ᠃ ᠬᠡᠳᠦ᠋ᠢᠪᠡᠷ ᠬᠥᠯᠥᠰᠥ ᠨᠢ ᠮᠠᠩᠨᠠᠢ ᠳᠤ   ᠨᠢ ᠴᠢᠭᠢᠭᠯᠡᠭᠰᠡᠨ ᠪᠣᠯᠪᠠᠴᠤ ᠂ ᠴᠣ ᠰᠢᠨ᠎ᠡ ᠮᠡᠲᠦ ᠬᠥᠳᠡᠯᠭᠡᠭᠡᠨ ᠤ ᠲᠠᠰᠤᠭ ᠢ ᠠᠵᠢᠭᠯᠠᠪᠠᠯ᠂ ᠣᠯᠠᠨ ᠤ ᠴᠢᠷᠠᠶ ᠳᠤ ᠬᠠᠨᠤᠮᠵᠢᠲᠠᠢ ᠢᠨᠢᠶᠡᠮᠰᠦᠭᠯᠡᠯ ᠪᠢᠯᠬᠠᠵᠤ ᠪᠠᠶᠢᠯ᠎ᠠ᠃ ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡ ᠨᠢ ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠣᠷᠴᠢᠨ ᠲᠣᠭᠤᠷᠢᠨ ᠢ ᠭᠤᠶᠤᠯᠠᠭᠰᠠᠨ ᠢᠶᠠᠷ ᠪᠠᠷᠠᠬᠤ ᠥᠬᠡᠶ᠂ ᠨᠠᠩ ᠴᠤ ᠪᠣᠳᠠᠲᠤ ᠠᠵᠢᠯᠯᠠᠭ᠎ᠠ ᠪᠠᠷ ᠢᠶᠠᠨ ᠠᠬᠠᠮᠠᠳ ᠨᠠᠮ ᠤᠨ ᠭᠡᠰᠢᠭᠦᠨ ᠤ ︽ᠠᠵᠢᠯ ᠠᠴᠠ ᠪᠠᠨ ᠠᠮᠠᠷᠠᠭᠰᠠᠨ ᠴᠤ ᠥᠩᠭᠡ ᠪᠠᠭᠤᠷᠠᠬᠤ ᠥᠬᠡᠶ︾ ᠬᠤᠰᠢᠭᠤᠴᠢ ᠮᠥᠨ ᠴᠢᠨᠠᠷ ᠢ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠳᠤ ᠬᠠᠯᠠᠭᠤᠨ ᠳᠤᠯᠠᠭᠠᠨ ᠢᠳᠡᠪᠬᠢ ᠬᠦᠴᠦᠨ ᠨᠡᠮᠡᠷᠢᠯᠡᠪᠡ᠃
        ᠢᠷᠡᠭᠡᠳᠦᠶ ᠳᠤ᠂ ᠰᠢᠨ ᠸᠠᠩ ᠨᠡᠶᠢᠭᠡᠮ ᠲᠣᠭᠤᠷᠢᠭ ︽ ᠪᠣᠭᠤᠷᠤᠯᠴᠤᠳ ᠤᠨ ᠬᠦᠴᠦᠨ ᠢ ᠲᠥᠪᠯᠡᠷᠡᠭᠦᠯᠬᠦ︾ ᠪᠠᠷ ᠭᠤᠤᠯ ᠪᠣᠯᠭᠠᠵᠤ᠂ ᠨᠠᠩ ᠣᠯᠠᠨ ᠡᠰᠢᠵᠢᠭᠰᠡᠨ ᠣᠷᠣᠯᠴᠠᠬᠤ ᠲᠠᠪᠴᠠᠩ ᠢ ᠦᠷᠭᠦᠯᠵᠢᠯᠡᠨ ᠪᠠᠶᠢᠭᠤᠯᠵᠤ᠂ ︽ ᠪᠣᠭᠤᠷᠤᠯᠴᠤᠳ ᠤᠨ ᠬᠢᠴᠢᠶᠡᠯ ᠤᠨ ᠲᠠᠩᠬᠢᠮ︾᠂ ︽ᠬᠤᠪᠢᠰᠬᠠᠯ ᠤᠨ ᠤᠯᠠᠮᠵᠢᠯᠠᠯ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯᠤᠨ ᠠᠬᠠᠮᠠᠳ ᠨᠠᠮ ᠤᠨ ᠭᠡᠰᠢᠭᠦᠳ ᠤᠨ ᠲᠤᠷᠰᠢᠯᠭ᠎ᠠ ᠣᠶᠤᠨ ᠤᠬᠠᠭᠠᠨ ᠢ ᠨᠡᠶᠢᠭᠡᠮ ᠲᠣᠭᠤᠷᠢᠭ ᠤᠨ ᠵᠠᠰᠠᠯᠲᠠ ᠶᠢᠨ ︽ᠠᠯᠲᠠᠨ ᠬᠠᠭᠤᠳᠠᠰᠤ︾ ᠪᠣᠯᠭᠠᠨ ᠬᠤᠪᠢᠷᠠᠭᠤᠯᠤᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠪᠠᠨ ᠤᠯᠠᠮ ᠨᠢᠭᠡ ᠠᠯᠬᠤᠮᠲᠡᠭᠦᠯᠳᠡᠷᠵᠢᠭᠦᠯᠵᠦ᠂ ︽ᠬᠡᠷᠡᠭᠴᠡᠭᠡ ᠶᠢᠨ ᠨᠠᠷᠢᠨ ᠲᠠᠩᠰᠠ︾ ᠪᠠᠷ ︽ᠪᠣᠭᠤᠷᠤᠯᠴᠤᠳ ᠤᠨ ᠡᠬᠢ ᠪᠠᠶᠠᠯᠢᠭ︾ ᠢ ᠵᠣᠯᠭᠠᠭᠤᠯᠵᠤ᠂ ᠠᠬᠠᠮᠠᠳ ᠨᠥᠬᠦᠳ ᠤᠨ ᠦᠨᠳᠦᠰᠦᠨ ᠱᠠᠲᠤᠨ ᠤ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠬᠦ ᠶᠢ ᠠᠬᠢᠭᠤᠯᠵᠤ᠂ ᠪᠣᠭᠤᠷᠤᠯᠴᠤᠳ ᠤᠨ ᠬᠦᠴᠦᠨ ᠢ ᠦᠨᠡᠨ ᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ︽ᠰᠠᠭᠤᠷᠢ ᠴᠢᠯᠠᠭᠤ︾ ᠪᠣᠯᠤᠨ ︽ᠰᠡᠳᠬᠢᠯ ᠢ ᠳᠤᠯᠠᠭᠠᠴᠠᠭᠤᠯᠬᠤ ᠭᠡᠷᠡᠯ︾ ᠪᠣᠯᠭᠠᠵᠤ᠂ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠨ᠎ᠠ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号