6 ᠳ᠋ᠤᠭᠠᠷ ᠰᠠᠷ᠎ᠠ ᠶᠢᠨ 13 ᠤ ᠡᠳᠦᠷ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠪᠠᠢ ᠰᠢᠶᠠᠩ ᠬᠦᠩ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ | ᠬᠤᠷᠠᠯ ᠤᠨ ᠭᠡᠰᠢᠭᠦᠨ ᠂ ᠬᠠᠮᠢᠶ᠎ᠠ ᠪᠦᠬᠦᠢ ᠡᠲᠡᠭᠡᠳ ᠤᠨ ᠢᠯᠭᠠᠯ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ | ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠪᠠᠶᠢᠴᠠᠭᠠᠨ ᠦᠵᠡᠬᠦ | ᠳᠤᠭᠤᠶᠢᠯᠠᠩ ᠢ ᠳᠠᠭᠠᠭᠤᠯᠤᠨ᠂ ︽ᠳ᠋ᠠ ᠹᠠ 1913︾ ᠤᠨᠴᠠᠯᠢᠬᠳᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠭᠤᠷᠢᠨ ᠳᠤ᠂ ᠲᠡᠷᠢᠭᠦᠯᠡᠭᠴᠢᠳ ᠤᠨ ᠬᠤᠷᠠᠯ + ᠡᠲᠡᠭᠡᠳ ᠤᠨ | ᠢᠯᠭᠠᠯ ᠤᠨ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ᠃ | ᠲᠤᠬᠠᠢ ᠶᠢᠨ ᠲᠠᠯᠠᠪᠠᠢ ᠳᠤ᠂ ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠲᠦᠷᠦᠯ ᠵᠦᠢᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠡᠵᠡᠩᠨᠡᠯᠲᠡ ᠶᠢᠨ ᠪᠠᠶᠢᠳᠠᠯ | ᠪᠣᠯᠤᠨ ᠬᠤᠶᠢᠰᠢᠳᠠ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠬᠤᠶᠢᠰᠢᠳᠠ ᠶᠢᠨ ᠠᠵᠢᠯ ᠤᠨ | ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠪᠠᠶ ᠰᠢᠶᠠᠩ ᠬᠦᠩ᠂ ︽ᠳ᠋ᠠ ᠹᠠ 1913︾ ᠤᠨᠴᠠᠯᠢᠬᠳᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠪᠣᠯ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ | ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠵᠡᠭᠡᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ | ᠪᠥᠲᠥᠭᠡᠨ ᠪᠠᠶᠢᠭᠤᠯᠤᠯᠲᠠ ᠶᠢᠨ ᠭᠤᠶᠢᠳᠠ ᠰᠠᠶᠢᠬᠠᠨ ᠵᠡᠭᠡᠯᠢ ᠨᠡᠭᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠠᠭᠤᠷᠬᠠᠶ ᠶᠢᠨ ᠰᠣᠶᠣᠯ᠂ ᠠᠭᠤᠷᠬᠠᠶ ᠶᠢᠨ ᠣᠶᠤᠨ ᠰᠠᠨᠠᠭᠠᠨ ᠤ ᠳᠣᠲᠣᠭᠠᠳᠤ ᠶᠢᠨ ᠴᠥᠮ᠎ᠡ ᠶᠢ ᠠᠭᠤᠳᠠᠯᠬᠤ᠂ | ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠤᠤᠯ ᠤᠨ ᠲᠡᠤᠬᠡ ᠰᠣᠶᠣᠯ ᠤᠨ | ᠦᠯᠡᠳᠡᠭᠳᠡᠯ ᠤᠨ ᠦᠨᠡᠨ ᠪᠣᠳᠠᠲᠤ ᠴᠢᠨᠠᠷ᠂ ᠪᠦᠬᠦᠯᠢ ᠴᠣᠭᠴᠠᠲᠤ ᠴᠢᠨᠠᠷ᠂ ᠤᠩᠰᠢᠵᠤ ᠪᠣᠯᠬᠤᠶᠢᠴᠠ ᠴᠢᠨᠠᠷ ᠢ | ᠦᠯᠡᠳᠡᠭᠡᠬᠦ ᠪᠠ ᠰᠡᠷᠭᠦᠭᠡᠵᠦ᠂ ᠦᠷᠭᠦᠯᠵᠢᠯᠡᠬᠦᠶᠢᠴᠡ ᠴᠢᠨᠠᠷ ᠢ ᠤᠯᠠᠮᠵᠢᠯᠠᠨ ᠵᠠᠯᠭᠠᠮᠵᠢᠯᠠᠬᠤ ᠲᠡᠤᠬᠡ ᠶᠢᠨ ᠲᠠᠯᠠᠪᠤᠷ | ᠭᠠᠵᠠᠷ ᠢ ᠪᠣᠶ ᠪᠣᠯᠭᠠᠵᠤ᠂ ᠲᠡᠤᠬᠡ ᠰᠣᠶᠣᠯ ᠤᠨ ᠥᠪ ᠢ ᠦᠨᠡᠨ ᠬᠦ ᠠᠮᠢᠳᠤᠯᠢᠭ ᠪᠣᠯᠭᠠᠬᠤ ᠬᠡᠷᠡᠭᠲᠡᠶ᠃ ᠠᠵᠤ | ᠦᠢᠯᠡᠰ ᠤᠨ ᠰᠡᠳᠬᠢᠬᠦᠶ᠂ ᠵᠠᠬ᠎ᠠ ᠳᠡᠯᠭᠡᠭᠦᠷ ᠢᠶᠠᠷ ᠭᠤᠤᠯ ᠪᠣᠯᠭᠠᠵᠤ᠂ ᠡᠵᠡᠩᠨᠡᠯᠲᠡ ᠶᠢ ᠤᠷᠢᠳᠴᠢᠯᠠᠭᠤᠯᠵᠤ᠂ | ᠬᠤᠳᠠᠯᠳᠤᠭ᠎ᠠ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠠᠷᠴᠢᠮ ᠶᠣᠰᠣᠭᠠᠷ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠲᠣᠬᠢᠷᠠᠭᠤᠯᠵᠤ᠂ ᠭᠤᠤᠯ ᠰᠡᠳᠦᠪ ᠨᠢ ᠢᠯᠡ ᠲᠣᠳᠣ ᠨᠠᠷᠠᠲᠤ ᠲᠡᠮᠳᠡᠭᠲᠦ ᠶᠢᠨ IP ᠢ ᠡᠭᠦᠳᠴᠦ᠂ ᠴᠢᠰᠤ ᠪᠦᠲᠦᠭᠡᠵᠦ | ᠴᠢᠳᠠᠬᠤ᠂ ᠦᠷᠭᠦᠯᠵᠢᠯᠡᠬᠦᠶᠢᠴᠡ ᠶᠢ ᠦᠨᠡᠨ ᠬᠦ ᠪᠠᠲᠤᠯᠠᠬᠤ ᠬᠡᠷᠡᠭᠲᠡᠶ᠃ ᠭᠡᠰᠢᠭᠦᠳ ᠬᠠᠨᠳᠤᠯᠭᠠᠲᠤ ᠴᠢᠨᠠᠷᠲᠠᠢ ᠰᠠᠨᠠᠯ | ᠰᠠᠨᠠᠭᠤᠯᠭ᠎ᠠ ᠳᠤᠷᠠᠳᠴᠤ᠂ ᠬᠡᠯᠡᠭᠰᠡᠨ ᠳᠡᠭᠡᠨ ᠪᠠᠭᠲᠠᠭᠠᠮᠵᠢ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃ | |