ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠳᠠᠯ ᠢ ᠡᠭᠦᠳᠦᠨ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠲᠤᠭᠤᠷᠢᠭ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ | ᠪᠦᠯᠬᠦᠮ ᠳᠠᠭᠠᠭᠤᠯᠤᠨ ᠲᠤᠬᠠᠶᠢᠯᠠᠭᠰᠠᠨ ᠠᠵᠢᠯ ᠤᠨ ᠲᠠᠰᠤᠭ ᠯᠤᠭ᠎ᠠ 5 ᠳ᠋ᠤᠭᠠᠷ ᠰᠠᠷ᠎ᠠ ᠶᠢᠨ 28 ᠤ ᠡᠳᠦᠷ ᠠᠴᠠ | 6 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ ᠪᠥᠬᠦ ᠲᠣᠭᠤᠷᠢᠭ ᠤᠨ ᠳᠥᠷᠪᠡᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠵᠦ᠂ ᠡᠭᠦᠳᠦᠨ ᠪᠠᠶᠢᠭᠤᠯᠬᠤ ᠠᠵᠢᠯ ᠳᠤ | ᠰᠠᠭᠤᠷᠢ ᠶᠢ ᠪᠠᠬᠢᠵᠢᠭᠦᠯᠪᠡ᠃ | | ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠨᠢ ᠡᠯ᠎ᠡ ᠰᠤᠷᠭᠠᠭᠤᠯᠢ ᠶᠢᠨ ᠬᠤᠲᠠ ᠶᠢᠨ ᠱᠠᠲᠤᠨ ᠤ | ᠳᠠᠬᠢᠨ ᠬᠢᠨᠠᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠰᠤᠷᠭᠠᠭᠤᠯᠢ ᠳᠤ ᠣᠷᠣᠵᠤ | ᠵᠢᠭᠠᠨ ᠵᠢᠯᠣᠭᠤᠳᠤᠭᠰᠠᠨ ᠤ ᠳᠠᠷᠠᠭᠠᠬᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠲᠠᠢ ᠴᠢᠩᠭ᠎ᠠ ᠬᠠᠷᠢᠴᠠᠭᠤᠯᠤᠨ ᠬᠠᠷᠭᠤᠭᠤᠯᠤᠨ | ᠪᠠᠶᠢᠴᠠᠭᠠᠪᠠ ᠂ ᠠᠭᠤᠯᠭ᠎ᠠ ᠳᠤ ᠨᠢ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ᠂ ᠰᠤᠷᠭᠠᠨ ᠬᠥᠮᠦᠵᠢᠯ ᠵᠢᠭᠠᠨ | ᠰᠤᠷᠭᠠᠯᠲᠠ᠂ ᠶᠣᠰᠣ ᠰᠤᠷᠲᠠᠬᠤᠨ ᠤ ᠬᠥᠮᠦᠵᠢᠯ ᠤᠨ ᠠᠵᠢᠯ᠂ ᠴᠢᠳᠠᠮᠵᠢ ᠶᠢᠨ ᠬᠥᠮᠥᠷᠭᠡ ᠶᠢᠨ ᠲᠠᠰᠤᠭ ᠵᠢᠴᠢ | ᠰᠤᠷᠭᠠᠭᠤᠯᠢ ᠶᠢᠨ ᠬᠦᠷᠢᠶᠡᠨ ᠤ ᠰᠣᠶᠣᠯ ᠵᠡᠷᠭᠡ ᠣᠯᠠᠨ ᠲᠠᠯ᠎ᠠ ᠶᠢ ᠬᠠᠮᠤᠷᠪᠠ᠃ | | ᠰᠢᠮᠳᠠᠭᠤᠯᠤᠨ ᠪᠠᠶᠢᠴᠠᠭᠠᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ | ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠬᠦ᠂ ᠰᠤᠷᠭᠠᠭᠤᠯᠢ ᠶᠢᠨ ᠡᠯ᠎ᠡ | ᠵᠦᠢᠯ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ | ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ ᠨᠠᠷ ᠲᠠᠢ ᠰᠠᠨᠠᠯ ᠢᠶᠠᠨ ᠰᠣᠯᠢᠯᠴᠠᠬᠤ ᠵᠢᠴᠢ ᠲᠤᠬᠠᠢ ᠶᠢᠨ ᠲᠠᠯᠠᠪᠤᠷ ᠲᠤ | ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠬᠠᠷᠢᠭᠤ ᠲᠤᠰᠬᠠᠬᠤ ᠶᠢᠨ ᠬᠠᠮᠲᠤ ᠪᠣᠳᠠᠲᠠᠢ | ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠢ᠃ ᠡᠯ᠎ᠡ ᠰᠤᠷᠭᠠᠭᠤᠯᠢ ᠶᠢᠨ ᠢᠳᠡᠪᠬᠢᠲᠡᠶ ᠪᠠᠷ ᠴᠡᠭᠴᠡᠯᠡᠨ | ᠰᠠᠶᠢᠵᠢᠷᠠᠭᠤᠯᠵᠤ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠳᠤ ᠨᠠᠩ ᠰᠠᠶᠢᠨ ᠨᠥᠬᠦᠴᠡᠯ ᠪᠦᠷᠢᠯᠳᠦᠭᠦᠯᠵᠦ | ᠥᠭᠬᠦ ᠶᠢ ᠵᠣᠷᠢᠭᠵᠢᠭᠤᠯᠪᠠ᠃ | | | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠰ | ᠤᠳᠠᠭᠠᠨ ᠤ ᠰᠢᠮᠳᠠᠭᠤᠯᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠡᠯ᠎ᠡ ᠰᠤᠷᠭᠠᠭᠤᠯᠢ ᠶᠢ ᠵᠢᠯᠣᠭᠤᠳᠬᠤ | ᠪᠠ ᠬᠢᠨᠠᠯᠲᠠ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠰᠤᠷᠭᠠᠭᠤᠯᠢ ᠶᠢᠨ | ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ | ᠬᠡᠮᠵᠢᠶ᠎ᠡ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ | ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | |