6 ᠳ᠋ᠤᠭᠠᠷ ᠰᠠᠷ᠎ᠠ ᠶᠢᠨ 13 ᠤ ᠡᠳᠤᠷ᠂ ᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠤᠨ | ᠤᠢᠢᠯᠡᠴᠢᠯᠡᠬᠡᠨ ᠤ ᠲᠦᠪ ᠰᠢᠭᠤᠶᠢᠲᠤ ᠲᠣᠭᠤᠷᠢᠭ ᠲᠤ ᠬᠦᠷᠴᠤ ᠴᠢᠳᠠᠪᠤᠷᠢᠳᠠᠨ ᠤ ᠠᠵᠢᠯ ᠤᠨ ᠲᠤᠬᠠᠢ ᠲᠤᠰᠬᠠᠢ | ᠰᠡᠳᠤᠪᠳᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ | ᠳᠡᠭᠡᠷ᠎ᠡ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2025 ᠣᠨ ᠠᠴᠠ ᠨᠠᠭᠠᠰᠢᠬᠢ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠪᠠᠶᠢᠳᠠᠯ ᠤᠨ | ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ᠂ ᠢᠯᠡ ᠪᠠᠷ ᠡᠯᠰᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ | ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ | ᠳᠠᠭᠠᠭᠤᠯᠬᠤ ᠵᠡᠷᠭᠡ ᠣᠯᠠᠨ ᠡᠰᠢᠵᠢᠭᠰᠡᠨ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ᠂ ᠨᠢᠭᠡ ᠪᠦᠯᠦᠭ ᠪᠠᠴᠢᠮ | ᠬᠡᠷᠡᠭᠰᠡᠬᠦ ᠴᠢᠳᠠᠪᠤᠷᠢᠲᠠᠨ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠠᠵᠤ | ᠠᠬᠤᠶ ᠶᠢᠨ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠬᠥᠮᠦᠨ ᠤ ᠬᠦᠴᠦᠨ ᠤ ᠰᠠᠭᠤᠷᠢ ᠨᠡᠮᠡᠷᠢᠯᠡᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠤᠨ | ᠦᠷ᠎ᠡ ᠪᠦᠲᠦᠭᠡᠯ ᠢ ᠭᠦᠢᠴᠡᠳ ᠨᠤᠲᠠᠯᠠᠬᠤ ᠶᠢᠨ ᠬᠠᠮᠲᠤ ᠂ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠶᠢ | ᠣᠯᠠᠨ ᠠᠷᠭ᠎ᠠ ᠵᠠᠮ ᠢᠶᠠᠷ ᠤᠬᠠᠭᠤᠯᠵᠤ᠂ ᠠᠵᠤ ᠠᠬᠤᠶᠢᠯᠠᠯ ᠤᠨ ᠰᠣᠶᠣᠯ ᠤᠨ ᠣᠨᠴᠠᠯᠢᠭ ᠪᠠ ᠬᠥᠭᠵᠢᠯᠲᠡ ᠶᠢᠨ | ᠢᠷᠡᠭᠡᠳᠦᠶ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠬᠡᠷᠡᠭᠲᠡᠶ︔ ᠠᠵᠤ ᠠᠬᠤᠶᠢᠯᠠᠯ᠂ ᠠᠳᠠᠯᠢ ᠱᠠᠲᠤ᠂ ᠳᠡᠭᠡᠳᠦ | ᠱᠠᠲᠤᠨ ᠤ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠤᠯᠠᠨ ᠰᠠᠯᠠᠭ᠎ᠠ ᠮᠥᠴᠢᠷ ᠤᠨ | ᠬᠠᠮᠵᠢᠯᠴᠠᠭ᠎ᠠ᠂ ᠳᠡᠭᠡᠳᠦ ᠲᠤᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ︔ ᠠᠵᠤ ᠠᠬᠤᠶᠢᠯᠠᠯ ᠳᠤ ᠦᠢᠯᠡᠴᠢᠯᠡᠬᠦ ᠳᠡᠭᠡᠨ ᠦᠢᠯᠡᠴᠢᠯᠡᠭᠡ ᠶᠢ ᠪᠦᠬᠦᠨ ᠢ ᠪᠦᠷᠬᠦᠭᠦᠯᠵᠦ᠂ | ᠪᠦᠬᠦ ᠶᠠᠪᠤᠴᠠ ᠶᠢ ᠮᠥᠷᠳᠡᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠠᠵᠤ ᠠᠬᠤᠶᠢᠯᠠᠯ | ᠪᠠ ᠴᠢᠳᠠᠪᠤᠷᠢᠲᠠᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ | ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠪᠠᠲᠤᠯᠠᠵᠤ᠂ ᠴᠢᠳᠠᠪᠤᠷᠢᠲᠠᠨ ᠤ ᠰᠠᠨᠠᠭ᠎ᠠ ᠠᠮᠤᠷ ᠬᠥᠭᠵᠢᠯᠲᠡ ᠳᠤ | ᠬᠦᠴᠦᠨ ᠨᠡᠮᠡᠷᠢᠯᠡᠬᠦ ᠬᠡᠷᠡᠭᠲᠡᠶ ᠭᠡᠵᠦ ᠣᠨᠴᠠᠭᠠᠢ ᠴᠢᠬᠤᠯᠠᠴᠢᠯᠠᠪᠠ᠃ | | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠰᠣᠯᠢᠯᠴᠠᠭ᠎ᠠ ᠨᠢ ᠰᠢᠭᠤᠶᠢᠲᠤ ᠲᠣᠭᠤᠷᠢᠭ ᠤᠨ | ᠴᠢᠳᠠᠪᠤᠷᠢᠲᠠᠨ ᠤ ᠠᠵᠢᠯ ᠳᠤ ᠰᠢᠨ᠎ᠡ ᠴᠢᠭᠯᠡᠯ ᠢ ᠲᠣᠳᠣᠷᠬᠠᠶ ᠵᠢᠭᠠᠵᠤ ᠥᠭᠴᠡᠶ᠂ ᠰᠢᠭᠤᠶᠢᠲᠤ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠤᠯ | ᠤᠳᠤᠷᠢᠳᠤᠯᠭ᠎ᠠ᠄ ︽ᠪᠢᠳᠡ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ | ᠬᠤᠲᠠ᠂ ᠲᠣᠭᠤᠷᠢᠭ ᠬᠤᠶᠠᠷ ᠱᠠᠲᠤᠨ ᠤ ᠴᠢᠳᠠᠪᠤᠷᠢᠲᠠᠨ ᠤ ᠠᠵᠢᠯ ᠤᠨ ᠵᠢᠭᠠᠪᠤᠷᠢ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠢᠯ ᠢᠶᠠᠨ ᠪᠥᠬᠦ ᠬᠦᠴᠦᠨ ᠢᠶᠠᠷ ᠢᠶᠠᠨ ᠪᠣᠳᠠᠲᠠᠶ ᠳᠤ ᠨᠠᠶᠢᠳᠠᠪᠤᠷᠢᠵᠢᠭᠤᠯᠵᠤ᠂ | ᠦᠢᠯᠡᠴᠢᠯᠡᠭᠡ ᠪᠠᠨ ᠰᠠᠶᠢᠲᠤᠷ ᠬᠢᠨ᠎ᠡ ︔ ᠴᠢᠳᠠᠪᠤᠷᠢᠲᠠᠨ ᠤ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠨᠠᠩ ᠣᠯᠠᠨ ᠰᠢᠯᠢᠳᠡᠭ ᠴᠢᠳᠠᠪᠤᠷᠢᠲᠠᠨ ᠢ | ᠲᠡᠳᠡᠨ ᠠᠪᠴᠢᠷᠠᠵᠤ᠂ ᠭᠠᠵᠠᠷ ᠣᠷᠣᠨ ᠤ ᠬᠥᠭᠵᠢᠯᠲᠡ ᠶᠢ ᠨᠠᠩ ᠠᠮᠢᠵᠢᠷᠠᠯ ᠤᠨ ᠬᠦᠴᠦᠨ ᠲᠠᠢ ᠪᠣᠯᠭᠠᠨ᠎ᠠ ︾ ᠭᠡᠵᠦ | ᠢᠯᠡᠳᠬᠡᠪᠡ᠃ | |