ᠨᠡᠶᠢᠭᠡᠮ ᠲᠣᠭᠤᠷᠢᠭ ᠤᠨ ᠵᠠᠰᠠᠯᠲᠠ ᠶᠢᠨ ᠨᠠᠷᠢᠯᠢᠭ ᠵᠢᠷᠤᠭ ᠲᠤ᠂ ᠲᠣᠣᠷᠵᠢᠯ ᠤᠨ ᠪᠠᠶᠢᠳᠠᠯ ᠢ ᠣᠶᠢᠯᠠᠭᠠᠬᠤ | ᠠᠵᠢᠯ ᠪᠣᠯ ᠳᠤᠲᠠᠭᠳᠠᠵᠤ ᠪᠣᠯᠤᠰᠢ ᠦᠭᠡᠢ ᠵᠠᠩᠭᠢᠯᠠᠭ᠎ᠠ ᠶᠢᠨ ᠪᠢᠴᠢᠯᠭᠡ ᠮᠥᠨ᠃ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠴᠠᠭ ᠲᠤᠬᠠᠶ ᠳᠤᠨᠢ ᠡᠵᠡᠮᠰᠢᠵᠦ᠂ ᠳᠠᠯᠳᠠ ᠠᠶᠤᠯ ᠲᠦᠭᠰᠢᠭᠦᠷᠢ ᠶᠢ ᠠᠷᠢᠯᠭᠠᠬᠤ ᠶᠢᠨ ᠲᠥᠯᠥᠭᠡ᠂ | ᠨᠡᠶᠢᠭᠡᠮ ᠲᠣᠭᠤᠷᠢᠭ ᠤᠨ ᠲᠣᠣᠷᠵᠢᠯ ᠤᠨ ᠠᠵᠢᠯᠲᠠᠨ ︽ᠲᠡᠮᠦᠷ ᠬᠥᠯᠲᠦ ︾ ᠪᠣᠯᠵᠣ᠂ ᠵᠡᠭᠡᠯᠢ ᠭᠤᠳᠤᠮᠵᠢ᠂ ᠵᠢᠵᠢᠭ | ᠭᠤᠳᠤᠮᠵᠢ᠂ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠨ᠂ ᠠᠯᠬᠤᠮ ᠢᠶᠠᠷ ᠢᠶᠠᠨ ᠠᠷᠠᠳ ᠤᠨ ᠪᠠᠶᠢᠳᠠᠯ ᠢ | ᠬᠡᠮᠵᠢᠵᠦ᠂ ᠦᠢᠯᠡ ᠠᠵᠢᠯᠯᠠᠭ᠎ᠠ ᠪᠠᠷ ᠢᠶᠠᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠨᠡᠶᠢᠭᠡᠮ ᠲᠣᠭᠤᠷᠢᠭ ᠲᠤ | ᠪᠠᠲᠤ ᠪᠠᠬᠢ ︽ᠠᠮᠤᠷ ᠲᠦᠪᠰᠢᠨ ᠤ ᠲᠣᠤᠷ︾ ᠢ ᠨᠡᠬᠡᠪᠡ ᠃ | ᠪᠠᠶᠢᠴᠠᠭᠠᠨ ᠰᠢᠯᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠠᠵᠢᠯᠲᠠᠳ ᠦᠳᠲᠡᠷ ᠲᠦᠷᠭᠡᠨ | ᠬᠥᠳᠡᠯᠦᠯᠴᠡᠵᠦ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ ︾ ᠶᠢ ᠤᠶᠠᠯᠳᠤᠭᠤᠯᠬᠤ ᠠᠷᠭ᠎ᠠ | ᠬᠡᠯᠪᠡᠷᠢ ᠪᠠᠷ ᠠᠵᠢᠯ ᠢᠶᠠᠨ ᠪᠥᠬᠦ ᠲᠠᠯ᠎ᠠ ᠪᠠᠷ ᠥᠷᠨᠢᠭᠦᠯᠪᠡ᠃ ᠰᠦᠯᠵᠢᠶᠡᠨ ᠭᠠᠳᠠᠨ᠎ᠠ᠂ ᠲᠠᠳᠠ ᠡᠷᠦᠬᠡ ᠳᠠᠷᠠᠭᠠᠯᠠᠨ | ᠰᠤᠷᠪᠤᠯᠵᠢᠯᠠᠵᠤ᠂ ᠡᠷᠦᠬᠡ ᠨᠢᠭᠡᠪᠦᠷᠢ ᠳᠤ ᠣᠷᠤᠪᠠᠯ ᠰᠠᠭᠤᠭᠠᠯᠢ ᠠᠷᠠᠳ ᠤᠨ ᠦᠨᠳᠦᠰᠦᠨ ᠮᠡᠳᠡᠭᠡ ᠵᠠᠩᠭᠢ᠂ ᠬᠡᠷ | ᠪᠦᠯᠢ ᠶᠢᠨ ᠭᠡᠰᠢᠭᠦᠨ ᠤ ᠪᠠᠶᠢᠳᠠᠯ᠂ ᠠᠵᠢᠯ ᠣᠯᠭᠤᠯᠲᠠ ᠶᠢᠨ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠬᠡᠷ | ᠪᠠᠶᠢᠰᠢᠩ ᠤᠨ ᠲᠦᠷᠢᠶᠡᠰᠦᠯᠡᠯ᠂ ᠣᠨᠴᠠᠭᠠᠶ ᠬᠥᠮᠦᠰ ᠵᠡᠷᠭᠡ ᠭᠤᠤᠯᠳᠠᠯᠭ᠎ᠠ ᠪᠣᠯᠬᠤ ᠮᠡᠳᠡᠭᠡ ᠵᠠᠩᠭᠢ ᠶᠢ ᠨᠠᠷᠢᠨ ᠨᠢᠮᠪᠠᠶ | ᠲᠡᠮᠳᠡᠭᠯᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠳᠠᠪᠬᠤᠴᠠᠬᠤ ᠥᠬᠡᠶ ᠪᠠᠶᠢᠬᠤ ᠶᠢ | ᠦᠨᠡᠨ ᠬᠦ ᠪᠠᠲᠤᠯᠠᠪᠠ᠃ ᠬᠡᠰᠡᠭ ᠰᠠᠭᠤᠭᠠᠯᠢ ᠠᠷᠠᠳ ᠡᠳᠦᠷ ᠲᠡᠭᠡᠨ ᠬᠡᠷ ᠲᠡᠭᠡᠨ ᠪᠠᠶᠢᠬᠤ ᠥᠬᠡᠶ ᠪᠠᠶᠢᠬᠤ | ᠪᠠᠶᠢᠳᠠᠯ ᠤᠨ ᠡᠮᠦᠨ᠎ᠡ᠂ ᠲᠣᠣᠷᠵᠢᠯ ᠤᠨ ᠠᠵᠢᠯᠲᠠᠳ ᠰᠠᠨᠠᠭᠠᠴᠢᠯᠠᠭ᠎ᠠ ᠠᠴᠠ ᠪᠠᠨ ᠠᠵᠢᠯᠯᠠᠬᠤ ᠴᠠᠭ ᠢᠶᠠᠨ | ᠳᠣᠭᠢᠷᠠᠭᠤᠯᠵᠤ᠂ ᠣᠷᠣᠶ᠂ ᠭᠠᠷᠠᠭ ᠤᠨ ᠰᠡᠭᠦᠯᠴᠢ ᠵᠡᠷᠭᠡ ᠰᠠᠭᠤᠭᠠᠯᠢ ᠠᠷᠠᠳ ᠤᠨ ᠬᠡᠷ ᠲᠡᠭᠡᠨ ᠪᠠᠶᠢᠬᠤ ᠴᠠᠭ ᠢ | ᠠᠰᠢᠭᠯᠠᠨ ︽ᠣᠷᠭᠢᠯ ᠦᠶ᠎ᠡ ᠶᠢ ᠵᠥᠷᠢᠭᠦᠯᠦᠨ ᠰᠤᠷᠪᠤᠯᠵᠢᠯᠠᠬᠤ︾ ᠠᠵᠢᠯ ᠬᠢᠵᠦ᠂ ᠬᠦᠯᠢᠴᠡᠩᠭᠦᠶ ᠪᠠ | ᠪᠠᠷᠢᠮᠲᠠᠯᠠᠯ ᠢᠶᠠᠷ ᠢᠶᠠᠨ ᠡᠷᠦᠬᠡ ᠪᠦᠷᠢ ᠶᠢᠨ ᠡᠭᠦᠳᠡ ᠶᠢ ᠲᠣᠭᠰᠢᠪᠠ ᠃ ᠰᠦᠯᠵᠢᠶᠡᠨ ᠳᠡᠭᠡᠷ᠎ᠡ᠂ ᠲᠣᠣᠷᠵᠢᠯ ᠤᠨ | ᠠᠵᠢᠯᠲᠠᠨ ᠨᠡᠶᠢᠭᠡᠮ ᠲᠣᠭᠤᠷᠢᠭ ᠤᠨ ᠸᠢᠴᠠᠲ ᠤᠨ ᠬᠤᠯᠪᠤᠭ᠎ᠠ ᠂ ᠵᠢᠵᠢᠭ ᠫᠷᠤᠭ᠍ᠷᠠᠮ ᠵᠡᠷᠭᠡ ᠲᠠᠪᠴᠠᠩ ᠢ ᠭᠦᠢᠴᠡᠳ | ᠠᠰᠢᠭᠯᠠᠨ᠂ ᠤᠶᠢᠯᠠᠭᠠᠨ ᠵᠢᠭᠰᠠᠭᠠᠬᠤ ᠮᠡᠳᠡᠭᠳᠡᠯ ᠢ ᠴᠠᠭ ᠲᠤᠬᠠᠶ ᠳᠤᠨᠢ ᠨᠡᠶᠢᠲᠡᠯᠡᠵᠦ᠂ ᠰᠠᠭᠤᠭᠠᠯᠢ ᠠᠷᠠᠳ ᠢ | ᠬᠥᠲᠥᠯᠦᠨ ᠵᠢᠯᠣᠭᠤᠳᠴᠤ ᠪᠠᠶᠢᠭᠠᠳ ᠮᠡᠳᠡᠭᠡ ᠵᠠᠩᠭᠢ ᠶᠢ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠶᠢᠨ ᠬᠠᠮᠲᠤ | ᠰᠦᠯᠵᠢᠶᠡᠨ ᠳᠡᠭᠡᠷ᠎ᠡ ᠮᠠᠳᠠᠭ ᠲᠠᠢ ᠠᠰᠠᠭᠤᠳᠠᠯ ᠢ ᠬᠠᠷᠢᠭᠤᠯᠵᠤ ᠪᠠᠶᠢᠴᠠᠭᠠᠨ ᠣᠶᠢᠯᠠᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠪᠡ ᠃ | | ᠪᠠᠶᠢᠴᠠᠭᠠᠨ ᠣᠶᠢᠯᠠᠭᠠᠬᠤ ᠶᠠᠪᠤᠴᠠ ᠳᠤ᠂ ᠲᠣᠣᠷᠵᠢᠯ ᠤᠨ ᠠᠵᠢᠯᠲᠠᠨ ᠪᠣᠯ ᠮᠡᠳᠡᠭᠡ ᠵᠠᠩᠭᠢ | ᠴᠤᠭᠯᠠᠭᠤᠯᠤᠭᠴᠢ ᠪᠣᠯᠬᠤ ᠪᠠᠷ ᠪᠠᠷᠠᠬᠤ ᠥᠬᠡᠶ᠂ ᠨᠠᠩ ᠴᠤ ᠰᠠᠭᠤᠭᠠᠯᠢ ᠠᠷᠠᠳ ᠤᠨ ᠳᠣᠲᠣᠨᠣ ᠬᠥᠮᠦᠨ ᠶᠤᠮ ᠃ | ᠲᠡᠳᠡ ᠭᠠᠯ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠮᠡᠬᠡᠯᠡᠯ ᠢ ᠡᠰᠡᠷᠭᠦᠴᠡᠬᠦ ᠵᠡᠷᠭᠡ ᠠᠮᠤᠷ ᠲᠦᠪᠰᠢᠨ ᠤ | ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠰᠠᠭᠤᠭᠠᠯᠢ ᠠᠷᠠᠳ ᠲᠤ ᠴᠠᠬᠢᠯᠭᠠᠨ ᠬᠡᠷᠡᠭᠯᠡᠬᠦ ᠪᠠ ᠬᠡᠢ | ᠬᠡᠷᠡᠭᠯᠡᠬᠦ ᠠᠮᠤᠷ ᠲᠦᠪᠰᠢᠨ ᠢ ᠠᠩᠬᠠᠷᠬᠤ ᠶᠢ ᠰᠠᠨᠠᠭᠤᠯᠪᠠ︔ ᠭᠠᠭᠴᠠᠭᠠᠷ ᠰᠠᠭᠤᠭ᠎ᠠ ᠨᠠᠰᠤᠲᠠᠶᠢᠴᠤᠳ᠂ ᠵᠡᠮᠳᠡᠭᠴᠦᠳ | ᠵᠡᠷᠭᠡ ᠣᠨᠴᠠᠭᠠᠢ ᠬᠠᠮᠲᠤᠯᠢᠭ ᠲᠤ ᠂ ᠲᠣᠣᠷᠵᠢᠯ ᠤᠨ ᠠᠵᠢᠯᠲᠠᠳ ᠣᠨᠴᠠᠭᠠᠢ ᠠᠩᠬᠠᠷᠤᠯ ᠲᠠᠯᠪᠢᠵᠤ᠂ ᠲᠡᠳᠡᠨ ᠤ | ᠠᠮᠢᠳᠤᠷᠠᠯ ᠤᠨ ᠬᠡᠷᠡᠭᠴᠡᠭᠡ ᠶᠢ ᠨᠠᠷᠢᠨ ᠣᠶᠢᠯᠠᠭᠠᠵᠤ᠂ ᠬᠦᠴᠢᠷᠳᠡᠯ ᠢ ᠨᠢ ᠴᠠᠭ ᠲᠤᠬᠠᠢ ᠳᠤᠨᠢ ᠵᠣᠬᠢᠴᠠᠭᠤᠯᠤᠨ | ᠰᠢᠢᠳᠪᠦᠷᠢᠯᠡᠵᠦ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠵᠡᠶ᠃ | | ᠲᠣᠰ ᠤᠳᠠᠭᠠᠨ ᠤ ᠲᠣᠤᠷᠵᠢᠯ ᠢ ᠤᠶᠢᠯᠠᠭᠠᠨ ᠵᠢᠭᠰᠠᠭᠠᠬᠤ ᠠᠵᠢᠯ ᠨᠢ ᠨᠡᠶᠢᠭᠡᠮ ᠲᠣᠭᠤᠷᠢᠭ ᠤᠨ ︽ | ᠰᠠᠭᠤᠷᠢ︾ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠰᠠᠭᠤᠭᠠᠯᠢ ᠠᠷᠠᠳ ᠤᠨ ᠬᠥᠳᠡᠯᠦᠩᠭᠦᠶ ᠮᠡᠳᠡᠭᠡ | ᠵᠠᠩᠭᠢ ᠶᠢ ᠡᠵᠡᠮᠰᠢᠨ᠂ ᠨᠡᠶᠢᠭᠡᠮ ᠲᠣᠭᠤᠷᠢᠭ ᠤᠨ ᠨᠠᠷᠢᠯᠢᠭ ᠣᠨᠣᠴᠠᠲᠠᠶ ᠬᠠᠮᠢᠶᠠᠷᠤᠯᠲᠠ᠂ ᠨᠠᠷᠢᠯᠢᠬᠵᠢᠭᠤᠯᠤᠭᠰᠠᠨ | ᠦᠢᠯᠡᠴᠢᠯᠡᠭᠡ ᠳᠤ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠲᠣᠣᠷᠵᠢᠯ ᠢ ᠪᠠᠶᠢᠴᠠᠭᠠᠨ ᠣᠶᠢᠯᠠᠭᠠᠬᠤ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠪᠠᠶᠢᠩᠭᠤ ᠰᠢᠨᠡᠳᠬᠡᠬᠦ᠂ ᠪᠠᠶᠢᠳᠠᠯ ᠢ ᠪᠦᠬᠦᠨ ᠢ ᠡᠵᠡᠮᠰᠢᠬᠦ ᠶᠢ ᠪᠠᠲᠤᠯᠠᠵᠤ᠂ | ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ | ᠰᠠᠭᠤᠭᠠᠯᠢ ᠠᠷᠠᠳ ᠤᠨ ᠠᠮᠢᠳᠤᠷᠠᠯ ᠢ ᠨᠡᠩ ᠰᠠᠨᠠᠭ᠎ᠠ ᠠᠮᠤᠷ᠂ ᠨᠡᠩ ᠲᠠᠭᠠᠯᠠᠮᠵᠢᠲᠠᠢ ᠪᠣᠯᠭᠠᠨ᠎ᠠ᠃ | |