ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/18
        6 ᠳ᠋ᠤᠭᠠᠷ ᠰᠠᠷ᠎ᠠ ᠶᠢᠨ 12 ᠤ ᠡᠳᠦᠷ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠢ ᠰᠢᠶᠤᠤ ᠸᠧᠢ ᠬᠤᠷᠠᠯ  ᠡᠷᠬᠢᠯᠡᠭᠰᠡᠨ ᠪᠦᠭᠡᠳ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠢ ᠶᠡᠷᠢᠪᠡ ᠂ ᠪᠦᠬᠦ ᠲᠠᠯ᠎ᠠ ᠶᠢᠨ ᠤᠳᠤᠷᠢᠳᠬᠤ ᠪᠠᠭ ᠤᠨ ᠭᠡᠰᠢᠭᠦᠨ ᠂ ᠨᠠᠮ ᠤᠨ ᠭᠡᠰᠢᠭᠦᠨ ᠺᠠᠳ᠋ᠷ ᠲᠤᠰ ᠤᠳᠠᠭᠠᠨ ᠤ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠢ ᠰᠢᠶᠤᠤ ᠸᠧᠶ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠭᠤᠤ ᠯᠢ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃        ᠬᠤᠷᠠᠯ ᠠᠴᠠ ᠂ ᠨᠢᠭᠡ ᠳᠤ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠭᠠᠷᠲᠠᠨ ᠬᠢᠵᠦ ᠰᠤᠭᠤᠴᠢᠨ ᠪᠠᠶᠢᠴᠠᠭᠠᠬᠤ᠂ ᠡᠳ᠋ ᠤᠨ ᠶᠠᠪᠤᠳᠠᠯ ᠢ ᠬᠢᠨᠠᠨ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠣᠯᠭᠤᠯᠲᠠ ᠶᠢᠨ ᠪᠠᠯᠠ ᠮᠥᠩᠭᠦ ᠶᠢᠨ ᠬᠡᠷᠡᠭᠯᠡᠯᠲᠡ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠲᠠᠷᠬᠠᠭᠠᠬᠤ᠂ ᠠᠵᠢᠯᠲᠠᠨ ᠤ ᠶᠠᠪᠤᠳᠠᠯ ᠤᠨ ᠰᠢᠯᠭᠠᠯᠲᠠ ᠵᠡᠷᠭᠡ ᠭᠤᠤᠯᠳᠠᠯᠭ᠎ᠠ ᠪᠣᠯᠬᠤ ᠭᠤᠭᠴᠤᠭ᠎ᠠ ᠶᠢ ᠴᠢᠩᠭ᠎ᠠ ᠠᠩᠬᠠᠷᠴᠤ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠦᠷᠢᠮ ᠤᠨ ᠳᠤᠲᠠᠭᠳᠠᠯ ᠢ ᠬᠤᠷᠢᠭᠯᠠᠬᠤ ᠬᠡᠷᠡᠭᠲᠡᠶ᠃ ᠬᠤᠶᠠᠷ ᠲᠤ᠂ ᠤᠯᠠᠨ ᠲᠦᠮᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠦᠢᠯᠡᠴᠢᠯᠡᠭᠡᠨ ᠤ ᠴᠣᠩᠬᠤᠪᠴᠢ ᠶᠢᠨ ︽ᠰᠠᠶᠢᠨ ᠮᠠᠭᠤ ᠦᠨᠡᠯᠡᠯᠲᠡ︾ ᠶᠢᠨ ᠰᠢᠰᠲ᠋ᠧᠮ ᠢ ᠰᠠᠶᠢᠲᠤᠷ ᠬᠡᠷᠡᠭᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ ᠢᠯᠡ ᠪᠣᠯᠭᠠᠵᠤ᠂ ᠤᠯᠠᠨ ᠲᠦᠮᠡᠨ ᠤ ᠲᠤᠰᠬᠠᠭᠰᠠᠨ ᠬᠡᠷᠡᠭ ᠶᠠᠪᠤᠳᠠᠯ ᠰᠢᠢᠳᠪᠦᠷᠢᠯᠡᠬᠦ ᠳᠤ ᠬᠤᠶᠢᠷᠭᠤᠰᠢᠬᠤ᠂ ᠣᠪᠣᠷ ᠢ ᠬᠦᠢᠳᠡᠨ ᠪᠠᠶᠢᠯᠭᠠᠬᠤ ᠵᠡᠷᠭᠡ ᠠᠰᠠᠭᠤᠳᠠᠯ ᠢ ᠳᠠᠷᠤᠢ ᠲᠦᠷᠭᠡᠨ ᠪᠠᠶᠢᠴᠠᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠡᠳᠡᠷᠬᠦ ᠰᠢᠬᠠᠮᠳᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠺᠠᠳ᠋ᠷ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠪᠠᠷ ᠪᠠᠷᠠᠬᠤ ᠦᠭᠡᠢ ᠪᠠᠰᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠠᠬᠢᠭᠤᠯᠵᠤ᠂ ︽ᠬᠢᠨᠠᠯᠲᠠ ᠲᠠᠯᠪᠢᠵᠤ ᠵᠢᠷᠤᠮᠵᠢᠭᠤᠯᠬᠤ ᠶᠢ ᠠᠬᠢᠭᠤᠯᠬᠤ᠂ ᠵᠢᠷᠤᠮᠵᠢᠯ ᠲᠠᠢ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠰᠢᠯᠢᠳᠡᠭᠵᠢᠭᠦᠯᠬᠦ︾ ᠰᠠᠶᠢᠨ ᠣᠷᠴᠢᠯ ᠢ ᠦᠨᠡᠨ ᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠶᠢ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠳᠠᠳᠬᠠᠯ ᠪᠣᠯᠭᠠᠵᠤ᠂ ᠬᠡᠷᠡᠭ ᠢᠶᠠᠷ ᠲᠤᠯᠢ ᠪᠣᠯᠭᠠᠵᠤ᠂ ᠪᠡᠶ᠎ᠡ ᠪᠠᠨ ᠬᠢᠴᠢᠶᠡᠵᠦ ᠪᠡᠶ᠎ᠡ ᠪᠠᠨ ᠲᠤᠩᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠬᠤᠷᠢᠭᠯᠠᠵᠤ᠂ ᠰᠡᠳᠬᠢᠯ ᠳᠡᠭᠡᠨ ᠵᠢᠷᠦᠬᠡᠰᠢᠶᠡᠬᠦ᠂ ᠦᠢᠯᠡ ᠠᠵᠢᠯᠯᠠᠭ᠎ᠠ ᠳᠠᠭᠠᠨ ᠵᠣᠭᠰᠣᠬᠤ ᠶᠢ ᠦᠨᠡᠨ ᠬᠦ ᠪᠡᠶᠡᠯᠡᠭᠦᠯᠵᠦ᠂ ᠡᠪ ᠬᠠᠮᠲᠤᠴᠤᠳ ᠤᠨ ᠲᠥᠪ ᠭᠤᠣᠯᠴᠢ ᠠᠷᠢᠭᠤᠨ ᠴᠢᠬᠡᠴᠢ ᠤᠤᠷ ᠴᠢᠨᠠᠷ ᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤ ᠪᠠᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号