ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠵᠤ᠂ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠶᠢᠨ ᠵᠢᠷᠤᠮᠵᠢᠭᠤᠯᠤᠯᠲᠠ ᠪᠠ | ᠲᠤᠰᠬᠠᠶᠢᠵᠢᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ | ᠲᠣᠭᠤᠷᠢᠭ ᠤᠨ ᠴᠢᠳᠠᠪᠤᠷᠢᠲᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠺᠠᠳ᠋ᠷ | ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠬᠠᠮᠢᠶ᠎ᠠ ᠪᠥᠬᠦᠶ ᠠᠵᠢᠯᠲᠠᠨ ᠨᠡᠶᠢᠲᠡ 9 ᠬᠥᠮᠦᠨ | ᠪᠣᠯᠪᠠᠰᠤᠷᠠᠯ ᠳᠤ ᠣᠷᠣᠯᠴᠠᠵᠤ᠂ ᠰᠢᠰᠲ᠋ᠧᠮᠵᠢᠭᠦᠯᠦᠨ ᠰᠤᠷᠤᠯᠴᠠᠬᠤ ᠪᠠᠷ ᠳᠡᠮᠵᠢᠨ᠂ ᠺᠠᠳ᠋ᠷ ᠠᠵᠢᠯᠲᠠᠨ ᠤ ᠶᠠᠪᠤᠳᠠᠯ ᠤᠨ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ | ᠬᠢᠨᠠᠨ ᠬᠠᠷᠭᠤᠭᠤᠯᠬᠤ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠪᠠ ᠭᠤᠤᠯ ᠭᠤᠤᠯᠳᠠᠯᠭ᠎ᠠ ᠲᠠᠢ ᠨᠢᠭᠲᠠ | ᠤᠶᠠᠯᠳᠤᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠬᠢᠬᠦ᠂ ᠬᠢᠨᠠᠨ ᠬᠠᠷᠭᠤᠭᠤᠯᠬᠤ | ᠴᠤᠪᠤᠷᠠᠯ ᠢ ᠵᠢᠷᠤᠮᠵᠢᠭᠤᠯᠬᠤ᠂ ᠪᠠᠶᠢᠩᠭᠤ ᠲᠣᠬᠢᠶᠠᠯᠳᠤᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠭᠤᠯᠭ᠎ᠠ ᠶᠢᠨ | ᠲᠣᠭᠤᠷᠢᠨ ᠳᠤ ᠶᠠᠪᠤᠭᠳᠠᠪᠠ᠃ ᠲᠥᠷᠥᠭᠰᠡᠨ ᠡᠳᠦᠷ᠂ ᠠᠵᠢᠯᠯᠠᠬᠤ ᠴᠠᠭ᠂ ᠰᠤᠷᠤᠯᠭ᠎ᠠ ᠶᠢᠨ ᠨᠠᠮᠲᠠᠷ᠂ ᠡᠷᠳᠡᠮ ᠤᠨ | ᠴᠣᠯᠠ᠂ ᠡᠪᠯᠡᠯ ᠳᠤ ᠣᠷᠣᠵᠤ ᠨᠠᠮ ᠳᠤ ᠣᠷᠣᠬᠤ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ | ᠭᠤᠤᠯᠳᠠᠯᠭ᠎ᠠ ᠶᠢ ᠭᠤᠤᠯᠳᠠᠯᠭ᠎ᠠ ᠲᠠᠢ ᠵᠠᠳᠠᠯᠵᠤ᠂ ᠡᠭᠦᠨ ᠤ ᠬᠠᠮᠲᠤ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠳᠠᠯᠬᠤ ᠪᠠᠷ ᠳᠠᠮᠵᠢᠭᠤᠯᠤᠨ᠂ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠳᠤᠮᠳᠠ ᠪᠠᠶᠢᠩᠭᠤ ᠲᠣᠬᠢᠶᠠᠯᠳᠤᠬᠤ | ᠮᠡᠳᠡᠭᠡ ᠵᠠᠩᠭᠢ ᠳᠤᠲᠠᠭᠳᠠᠬᠤ᠂ ᠮᠠᠲ᠋ᠧᠷᠢᠶᠠᠯ ᠢ ᠪᠠᠯᠠᠯᠤᠨ ᠥᠭᠡᠷᠡᠴᠢᠯᠡᠬᠦ᠂ ᠴᠠᠭ ᠤᠨ ᠯᠣᠭᠢᠭ ᠤᠨ ᠵᠥᠷᠢᠴᠡᠯ ᠨᠢᠭᠡᠳᠦᠯ | ᠥᠬᠡᠶ ᠵᠡᠷᠭᠡ ᠠᠰᠠᠭᠤᠳᠠᠯ ᠵᠢᠴᠢ ᠵᠣᠬᠢᠴᠠᠩᠭᠤᠶ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠭᠦᠨᠵᠡᠭᠡᠶ ᠲᠣᠳᠣᠷᠬᠠᠶ | ᠲᠣᠭᠲᠠᠭᠠᠪᠠ᠃ | | ᠲᠣᠰ ᠤᠳᠠᠭᠠᠨ ᠤ ᠪᠣᠯᠪᠠᠰᠤᠷᠠᠯ ᠪᠣᠯ ᠨᠢᠭᠡ ᠤᠳᠠᠭᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ︽ | ᠲᠥᠪᠯᠡᠷᠡᠭᠦᠯᠦᠨ ᠴᠠᠬᠢᠯᠭᠠᠨ ᠴᠡᠨᠡᠭᠯᠡᠬᠦ︾ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ | ᠬᠠᠷᠢᠭᠤᠴᠠᠯᠭᠠᠲᠤ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠬᠤ ᠶᠠᠪᠤᠳᠠᠯ ᠪᠣᠯᠤᠨ᠎ᠠ᠃ ᠪᠣᠯᠪᠠᠰᠤᠷᠠᠯ ᠳᠤ | ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠨᠠᠩ ᠴᠢᠩᠭ᠎ᠠ ᠨᠢᠮᠪᠠᠶ | ᠣᠪᠣᠷ᠂ ᠨᠠᠩ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠷ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ | ᠬᠢᠨᠠᠨ ᠬᠠᠷᠭᠤᠭᠤᠯᠬᠤ ᠠᠵᠢᠯ ᠳᠤ ᠣᠷᠣᠯᠴᠠᠨ᠎ᠠ ᠭᠡᠵᠦ ᠢᠯᠡᠷᠬᠡᠶᠢᠯᠡᠵᠡᠭᠡᠪᠡ ᠃ ᠲᠠᠷᠠᠭᠠᠴᠢ ᠶᠢᠨ ᠠᠯᠬᠤᠮ ᠳᠤ᠂ | ᠰᠢᠭᠤᠶᠢᠲᠤ ᠲᠣᠭᠤᠷᠢᠭ ᠤᠨ ᠴᠢᠳᠠᠪᠤᠷᠢᠲᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ | ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ | ᠴᠢᠩᠭᠠᠳᠬᠠᠵᠤ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠠᠵᠢᠯ ᠢ ᠨᠠᠩ | ᠣᠨᠣᠪᠴᠢᠲᠠᠶ᠂ ᠥᠨᠳᠥᠷ ᠪᠦᠲᠦᠮᠵᠢᠲᠡᠶ᠂ ᠵᠢᠷᠤᠮᠵᠢᠯ ᠲᠠᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | |