ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠬᠤ — ᠲᠦᠷᠢᠮ ᠲᠣᠭᠲᠠᠴᠠ ᠶᠢ ︽ᠪᠠᠲᠤ ᠴᠣᠭᠴᠠᠯᠠᠬᠤ︾ ᠶᠢ ᠲᠡᠭᠦᠯᠳᠡᠷᠵᠢᠭᠦᠯᠬᠦ ᠲᠠᠪᠤᠨ ᠶᠡᠭᠡ ᠠᠷᠭ᠎ᠠ ᠵᠠᠮ
ᠨᠡᠶᠢᠲᠡᠯᠡᠭᠰᠡᠨ ᠴᠠᠭ᠄
2025/6/19
        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠰᠢᠨᠵᠢᠶᠠᠩ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠬᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠦᠷᠢᠮ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠦᠵᠡᠰᠬᠦᠯᠡᠩᠲᠦ ᠰᠠᠶᠢᠬᠠᠨ ᠰᠢᠨᠵᠢᠶᠠᠩ ᠢ ᠨᠡᠩ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ᠃
图片1.png
        2024 ᠣᠨ ᠤ 10 ᠳ᠋ᠤᠭᠠᠷ ᠰᠠᠷ᠎ᠠ ᠶᠢᠨ 1 ᠤ ᠡᠳᠦᠷ᠂ ᠰᠢᠨᠵᠢᠶᠠᠩ ᠤᠨ ᠨᠢᠭᠡᠨ ᠴᠡᠷᠢᠭ ᠤᠨ ᠲᠣᠭᠤᠷᠢᠭ ᠤᠨ ᠨᠢᠭᠡᠨ ᠤᠯᠠᠭᠠᠨ ᠴᠡᠷᠢᠭ ᠤᠨ ᠬᠤᠷᠢᠶ᠎ᠠ ᠬᠠᠷᠠᠴᠢᠨ ᠺᠦᠨᠯᠦ᠋ᠨ ᠴᠠᠰᠤᠲᠤ ᠥᠨᠳᠦᠷᠯᠢᠭ ᠲᠤ ᠵᠢᠯᠣᠭᠤᠴᠢ ᠥᠬᠡᠶ ᠨᠢᠰᠬᠡᠯ ᠢᠶᠠᠷ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠰᠢᠨᠬᠤᠸᠠ ᠬᠤᠷᠢᠶ᠎ᠠ ᠨᠡᠶᠢᠲᠡᠯᠡᠪᠡ        ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ ᠃ ᠰᠢᠨᠵᠢᠶᠠᠩ ᠤᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠶᠠᠪᠤᠳᠠᠯ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ︽ᠨᠢᠭᠡᠳᠦᠭᠡᠷ ᠤᠳᠤᠷᠢᠳᠤᠯᠭ᠎ᠠ ︾ ᠶᠢᠨ ᠢᠨᠵᠧᠨᠧᠷᠢᠩ ᠪᠣᠯᠭᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠎ᠡ ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠡᠯ᠎ᠡ ᠲᠠᠯ᠎ᠠ ᠡᠯ᠎ᠡ ᠬᠦᠷᠢᠶᠡᠨ ᠤ ᠠᠵᠢᠯ ᠬᠢᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠬᠤ ᠠᠵᠢᠯ ᠢ ᠣᠷᠭᠠᠨᠢᠭ ᠢᠶᠠᠷ ᠵᠣᠯᠭᠠᠭᠤᠯᠬᠤ᠂ ᠬᠠᠷᠢᠯᠴᠠᠨ ᠠᠬᠢᠭᠤᠯᠬᠤ ᠪᠠᠶᠢᠭᠤᠯᠤᠯ ᠲᠣᠭᠲᠠᠴᠠ ᠶᠢ ᠢᠳᠡᠪᠬᠢᠲᠡᠶ ᠬᠠᠶᠢᠨ ᠰᠦᠪᠡᠭᠴᠢᠯᠡᠨ᠎ᠡ᠃ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠦᠢᠯᠡᠳᠦᠯᠭᠡᠵᠢᠭᠦᠯᠵᠦ᠂ ᠺᠠᠳ᠋ᠷ ᠤᠨ ᠡᠩᠨᠡᠭᠡᠨ ᠤ ᠴᠢᠳᠠᠪᠤᠷᠢ ᠬᠡᠪ ᠴᠢᠨᠠᠷ ᠤᠨ ᠪᠠᠶᠢᠭᠤᠯᠤᠯᠲᠠ ᠶᠢ ᠰᠠᠶᠢᠲᠤᠷᠠᠳᠬᠤᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ︽ᠬᠠᠮᠢᠶᠠᠷᠬᠤ ᠵᠣᠷᠢᠭ ᠦᠭᠡᠢ᠂ ᠬᠠᠮᠢᠶᠠᠷᠬᠤ ᠳᠤᠷ᠎ᠠ ᠦᠭᠡᠢ᠂ ᠬᠠᠮᠢᠶᠠᠷᠴᠤ ᠴᠢᠳᠠᠬᠤ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
图片2.png
        5 ᠳ᠋ᠤᠭᠠᠷ ᠰᠠᠷ᠎ᠠ ᠶᠢᠨ 4 ᠤ ᠡᠳᠦᠷ᠂ ᠲᠣᠭᠯᠠᠭᠴᠢᠳ ᠰᠢᠨᠵᠢᠶᠠᠩ ᠤᠨ ᠲᠦᠷᠫᠠᠨ ᠬᠤᠲᠠ ᠶᠢᠨ ᠱᠠᠨ ᠱᠠᠨ ᠰᠢᠶᠠᠨ ᠤ  ᠲᠤ ᠢᠦᠶ ᠭᠸᠤ ᠶᠢᠨ ᠦᠵᠡᠮᠵᠢ ᠶᠢᠨ ᠣᠷᠣᠨ ᠳᠤ ᠦᠨᠳᠦᠰᠦᠲᠡᠨ ᠤ ᠳᠠᠭᠤᠤ ᠪᠥᠵᠢᠭ ᠲᠣᠭᠯᠠᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠸᠠᠩ ᠹᠧᠢ ᠰᠠᠭᠦᠲᠠᠷᠯᠠᠪᠠ        ᠡᠯ᠎ᠡ ᠵᠦᠢᠯ ᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠭᠤᠣᠯ ᠰᠢᠵᠢᠮ ᠢ ᠪᠠᠲᠤ ᠡᠵᠡᠮᠳᠡᠨ᠎ᠡ ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠭᠰᠠᠨ ᠴᠤ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠳᠤ ᠠᠰᠢᠭᠲᠠᠢ ᠡᠰᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ  ᠳᠤ ᠠᠰᠢᠭᠲᠠᠢ ᠡᠰᠡᠬᠦ ᠶᠢ ᠲᠡᠷᠢᠭᠦᠨ ᠴᠢᠬᠤᠯᠠ ᠪᠣᠳᠣᠯᠬᠢᠯᠠᠯ ᠪᠣᠯᠭᠠᠨ᠎ᠠ ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠡᠯ᠎ᠡ ᠦᠨᠳᠦᠰᠦᠲᠡᠨ ᠤ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ᠂ ᠤᠯᠤᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠶᠢᠪᠠᠲᠤᠯᠠᠨ᠎ᠠ᠃ ᠵᠥᠪᠯᠡᠬᠦ ᠠᠷᠠᠳᠴᠢᠯᠠᠯ ᠤᠨ ᠳᠦᠷᠢᠮ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠶᠢ ᠨᠢᠭᠡᠳᠬᠡᠬᠦ ᠪᠠ ᠦᠨᠳᠦᠰᠦᠲᠡᠨ ᠤ ᠬᠦᠴᠦᠨ ᠵᠦᠢᠯ ᠪᠣᠯᠤᠨ ᠣᠷᠣᠨ ᠪᠦᠰᠡ ᠶᠢᠨ ᠬᠦᠴᠦᠨ ᠵᠦᠢᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠲᠠᠨᠢᠯᠲᠠ ᠶᠢᠨ ᠬᠡᠮᠵᠢᠶ᠎ᠡ ᠨᠡᠩ ᠥᠨᠳᠥᠷ᠂ ᠨᠢᠭᠲᠠᠷᠠᠯ ᠤᠨ ᠬᠦᠴᠦᠨ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠲᠦᠯᠬᠢᠨ ᠠᠬᠢᠭᠤᠯᠤᠨ᠎ᠠ ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠤᠷ ᠲᠦᠪᠰᠢᠨ ᠤ ᠪᠠᠲᠤᠯᠠᠭ᠎ᠠ ᠶᠢ ᠲᠠᠰᠤᠷᠠᠯᠳᠠ ᠦᠭᠡᠢ ᠴᠢᠩᠭᠠᠳᠬᠠᠨ᠎ᠠ ᠃ ᠰᠢᠨᠵᠢᠶᠠᠩ ᠢ ᠬᠠᠤᠯᠢ ᠪᠠᠷ ᠵᠠᠰᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠎ᠡ ᠃
图片3.png
        ᠰᠢᠨᠵᠢᠶᠠᠩ ᠤᠨ ᠦᠷᠦᠮᠴᠢ ᠬᠤᠲᠠ ᠶᠢᠨ ᠣᠯᠠᠨ ᠤᠯᠤᠰ ᠤᠨ ᠡᠬᠡ ᠬᠠᠭᠤᠷᠠᠢ ᠶᠢᠨ  ᠭᠠᠷᠠᠮ ᠤᠨ ᠲᠣᠭᠤᠷᠢᠭ ᠲᠤ ᠰᠠᠪᠠᠯᠠᠵᠤ ᠪᠠᠭᠤᠯᠭᠠᠬᠤ ᠠᠵᠢᠯ ᠡᠮᠬᠢ ᠵᠢᠷᠤᠮ ᠲᠠᠢ ᠶᠠᠪᠤᠭᠳᠠᠨ᠎ᠠ ᠃  ᠰᠢᠨᠬᠤᠸᠠ ᠬᠤᠷᠢᠶᠠᠨ ᠤ ᠰᠣᠷᠪᠤᠯᠵᠢᠯᠠᠬᠴᠢ ᠸᠠᠩ ᠹᠧᠢ ᠰᠠᠭᠦᠲᠠᠷᠯᠠᠪᠠ        ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠶᠠᠩ ᠤᠨ ᠤᠨᠴᠠᠯᠢᠭᠳᠤ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠴᠢᠩᠭᠠᠳᠬᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ ᠃ ᠰᠢᠨᠵᠢᠶᠠᠩ ᠤᠨ ᠡᠮᠦᠨᠡᠳᠦ ᠬᠡᠰᠡᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠨᠵᠢᠶᠠᠩ ᠤᠨ  ᠡᠮᠦᠨᠡᠳᠦ ᠬᠡᠰᠡᠭ ᠤᠨ ︽ᠰᠢᠲᠠᠷ᠎ᠠ︾ ᠶᠢ ᠬᠦᠴᠦᠯᠡᠨ ᠬᠥᠭᠵᠢᠭᠦᠯᠵᠦ᠂ ᠰᠢᠨᠵᠢᠶᠠᠩ ᠤᠨ ᠡᠮᠦᠨᠡᠳᠦ  ᠬᠡᠰᠡᠭ ᠤᠨ ᠬᠥᠭᠵᠢᠯᠲᠡ ᠶᠢ ᠬᠢᠵᠠᠭᠠᠷᠯᠠᠬᠤ ᠳᠦᠷᠢᠮ ᠤᠨ ᠪᠣᠭᠤᠮᠢ ᠶᠢ ᠠᠷᠢᠯᠭᠠᠨ᠎ᠠ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠠᠵᠤ ᠠᠬᠤᠶ ᠶᠢᠨ ᠬᠠᠷᠢᠯᠴᠠᠨ ᠰᠢᠭᠢᠳᠬᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠣᠭᠲᠠᠴᠠ᠂ ᠡᠯ᠎ᠡ ᠦᠨᠳᠦᠰᠦᠲᠡᠨ ᠬᠠᠷᠢᠯᠴᠠᠨ ᠰᠢᠭᠢᠳᠬᠡᠭᠰᠡᠨ ᠮᠠᠶ᠋ᠢᠭ ᠤᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠪᠣᠳᠠᠰ ᠤᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠡᠯ᠎ᠡ ᠭᠠᠵᠠᠷ ᠣᠷᠣᠨ ᠤ ᠠᠵᠤ ᠠᠬᠤᠶ ᠶᠢᠨ ᠲᠠᠯ᠎ᠠ ᠪᠠᠷ ᠨᠢᠭᠡ ᠴᠣᠭᠴᠠᠵᠢᠯᠲᠠ ᠪᠣᠯᠤᠨ ᠨᠡᠶᠢᠯᠡᠬᠦ ᠶᠢ ᠠᠬᠢᠭᠤᠯᠤᠨ᠎ᠠ ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠠᠵᠢᠯ ᠲᠦᠷᠦᠯ ᠢᠶᠠᠷ ᠢᠶᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠭᠦᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠵᠣᠬᠢᠴᠠᠭᠤᠯᠬᠤ ᠳᠤᠮᠳᠠᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠤᠨ᠎ᠠ᠃ ᠰᠢᠨᠵᠢᠶᠠᠩ ᠤᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠭᠤᠤᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠬᠥᠳᠡᠯᠭᠡᠭᠦᠷ ᠪᠣᠯᠭᠠᠵᠤ᠂ ᠰᠢᠨᠵᠢᠶᠠᠩ ᠤᠨ ᠲᠤᠰ ᠪᠡᠶ᠎ᠡ ᠶᠢᠨ ᠣᠷᠣᠨ ᠪᠦᠰᠡ ᠶᠢᠨ ᠴᠢᠨᠠᠷᠲᠠᠶ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠤᠯᠤᠰ ᠤᠨ ᠪᠠᠷᠠᠭᠤᠨᠰᠢ ᠪᠠᠨ ᠨᠡᠭᠡᠭᠡᠯᠲᠡ ᠬᠢᠬᠦ ᠶᠡᠷᠦᠩᠬᠡᠶ ᠪᠠᠶᠢᠷᠢᠰᠢᠭᠤᠯᠤᠯᠲᠠ ᠳᠤ ᠣᠷᠣᠭᠤᠯᠵᠤ᠂ ᠳᠣᠲᠣᠭᠠᠳᠤ ᠬᠠᠭᠤᠷᠠᠶ ᠶᠢᠨ ᠨᠡᠭᠡᠭᠡᠯᠲᠡ ᠪᠣᠯᠤᠨ ᠬᠢᠯᠢ ᠳᠠᠭᠠᠤ ᠨᠡᠭᠡᠭᠡᠯᠲᠡ ᠬᠢᠬᠦ ᠥᠨᠳᠦᠷᠯᠢᠭ ᠭᠠᠵᠠᠷ ᠢ ᠪᠠᠶᠢᠭᠤᠯᠵᠤ᠂ ᠳᠣᠲᠣᠭᠠᠳᠤ ᠭᠠᠳᠠᠭᠠᠳᠤ ᠨᠡᠭᠡᠭᠡᠯᠲᠡ ᠬᠢᠬᠦ ᠥᠨᠳᠥᠷ ᠬᠢᠷᠢ ᠲᠦᠪᠰᠢᠨ ᠪᠦᠬᠦᠢ ᠪᠠᠶᠢᠭᠤᠯᠤᠯ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠣᠭᠲᠠᠭᠤᠨ ᠢᠶᠠᠷ ᠠᠵᠢᠯ ᠣᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠶᠢᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠣᠯᠭᠤᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ᠎ᠠ ᠃
图片4.png
        ᠰᠢᠨᠵᠢᠶᠠᠩ ᠤᠨ ᠺᠦᠷᠡᠯ᠎ᠡ ᠬᠤᠲᠠ ᠶᠢᠨ ᠴᠤᠤ ᠶᠠᠩ ᠵᠡᠭᠡᠯᠢ ᠭᠤᠳᠤᠮᠵᠢ ᠶᠢᠨ ᠪᠦᠯᠬᠦᠮᠳᠡᠯ  ᠨᠡᠶᠢᠭᠡᠮ ᠲᠣᠭᠤᠷᠢᠭ ᠤᠨ ᠠᠨᠠᠷ ᠤᠨ ᠦᠷ᠎ᠡ ᠶᠢᠨ ᠬᠥᠭᠵᠢᠮ ᠤᠨ ᠪᠦᠯᠬᠦᠮ ᠰᠠᠭᠤᠭᠠᠯᠢ ᠠᠷᠠᠳ ᠲᠤ ᠲᠣᠭᠯᠠᠯᠲᠠ ᠭᠠᠷᠭᠠᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠭᠦ᠋ ᠢᠣᠢ ᠰᠠᠭᠦᠲᠠᠷᠯᠠᠪᠠ        ᠰᠤᠶᠤᠯ ᠢᠶᠠᠷ ᠰᠢᠨᠵᠢᠶᠠᠩ ᠢ ᠤᠮᠳᠠᠯᠠᠬᠤ ᠶᠢ ᠭᠦᠨᠵᠡᠭᠡᠢ ᠦᠷᠨᠢᠭᠦᠯᠦᠨ᠎ᠡ ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠢᠨᠵᠢᠶᠠᠩ ᠤᠨ ᠦᠯᠢᠭᠡᠷ ᠢ ᠰᠠᠶᠢᠲᠤᠷ ᠶᠠᠷᠢᠨ᠎ᠠ  ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠵᠦ᠂ ᠰᠢᠨ᠎ᠡ ᠶᠢ ᠡᠭᠦᠳᠦᠨ ᠠᠭᠤᠰᠤᠯᠴᠠᠬᠤ ᠶᠢ ᠠᠬᠢᠭᠤᠯᠤᠨ᠎ᠠ᠃ ᠠᠷᠠᠳ ᠣᠯᠠᠨ ᠤ ᠣᠯᠠᠨ ᠶᠠᠩᠵᠤᠴᠢᠯᠠᠭᠰᠠᠨ᠂ ᠣᠯᠠᠨ ᠳᠡᠰ ᠳᠠᠪᠬᠤᠷᠭ᠎ᠠ᠂ ᠣᠯᠠᠨ ᠲᠠᠯ᠎ᠠ ᠶᠢᠨ ᠣᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠥᠬᠦ ᠶᠠᠪᠤᠴᠠ ᠳᠤ ᠠᠭᠤᠰᠤᠯᠴᠠᠭᠤᠯᠵᠤ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ︽ᠰᠠᠭᠤᠷᠢ ᠶᠢ ᠪᠠᠶᠢᠭᠤᠯᠬᠤ︾ ᠢᠨᠵᠧᠨᠧᠷᠢᠩ ᠢ ᠭᠦᠨᠵᠡᠭᠡᠶ ᠠᠬᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠡᠷᠡᠰ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃
图片5.png
        ᠳᠤᠮᠳᠠᠳᠤ ᠺᠠᠽᠠᠭᠰᠲ᠋ᠠᠨ ᠤ ᠬᠢᠯᠢ ᠳᠡᠭᠡᠷ᠎ᠡ ᠪᠠᠶᠢᠭ᠎ᠠ ᠰᠢᠨᠵᠢᠶᠠᠩ ᠤᠨ ᠲᠠ ᠴᠧᠩ ᠣᠷᠣᠨ ᠤ ᠨᠣᠮᠢᠨ ᠰᠢᠶᠠᠨ ᠤ ᠬᠥᠳᠡᠭᠡ ᠲᠤᠰᠬᠤᠨ ᠤ ᠵᠤᠭᠠᠴᠠᠯ ᠡᠳᠦᠷ ᠢᠷᠡᠬᠦᠶ᠎ᠡ ᠬᠥᠭᠵᠢᠵᠦ᠂ ᠬᠥᠳᠡᠭᠡ ᠲᠤᠰᠬᠤᠨ ᠤ ᠵᠢᠭᠤᠯᠴᠢᠯᠠᠯ ᠤᠨ ᠣᠯᠠᠨ ᠵᠠᠮ ᠱᠤᠭᠤᠮ ᠪᠣᠯᠤᠨ ᠪᠠᠶᠠᠯᠢᠭ ᠰᠠᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠯ᠎ᠡ ᠭᠠᠵᠠᠷ ᠤᠨ ᠵᠤᠭᠠᠴᠠᠭᠰᠠᠳ ᠢ ᠲᠠᠲᠠᠨ᠎ᠠ ᠃  ᠰᠢᠨᠬᠤᠸᠠ ᠬᠤᠷᠢᠶᠠᠨ ᠤ ᠰᠣᠷᠪᠤᠯᠵᠢᠯᠠᠬᠴᠢ ᠳ᠋ᠢᠩ ᠯᠧᠢ ᠰᠠᠭᠦᠲᠠᠷᠯᠠᠪᠠ        ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠲᠠᠯᠪᠢᠬᠤ ᠶᠠᠪᠤᠳᠠᠯ ᠢᠶᠠᠷ ᠰᠢᠨᠵᠢᠶᠠᠩ ᠢ ᠲᠣᠭᠲᠠᠭᠤᠨ ᠪᠠᠶᠢᠯᠭᠠᠬᠤ ᠠᠯᠤᠰ ᠬᠡᠳᠦ ᠶᠢᠨ ᠪᠣᠳᠣᠯᠭ᠎ᠠ ᠪᠠ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠢ ᠬᠥᠭᠵᠢᠭᠦᠯᠬᠦ ᠪᠠᠷ ᠬᠥᠮᠦᠨ ᠢ ᠲᠦᠪᠯᠡᠷᠡᠭᠦᠯᠵᠦ ᠂ ᠴᠢᠨᠠᠷ ᠰᠠᠶᠢᠲᠠᠢ ᠲᠡᠩᠴᠡᠭᠦᠷᠢᠰᠢᠭᠦᠯᠬᠦ ᠤᠯᠠᠨ ᠨᠡᠶᠢᠲᠡ ᠶᠢᠨ ᠦᠢᠯᠡᠴᠢᠯᠡᠭᠡ ᠪᠠᠷ ᠬᠥᠮᠦᠨ ᠢ ᠦᠯᠡᠳᠡᠭᠡᠵᠦ᠂ ᠤᠯᠠᠨ ᠦᠨᠳᠦᠰᠦᠲᠡᠨ ᠤ ᠶᠡᠭᠡ ᠨᠡᠭᠦᠲᠡᠯ ᠶᠡᠭᠡ ᠠᠭᠤᠰᠤᠯᠴᠠᠯ ᠢᠶᠠᠷ ᠬᠥᠮᠦᠨ ᠢ ᠪᠦᠯᠬᠦᠮᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠡᠭᠰᠡᠨ ᠢ ᠠᠯᠬᠤᠮ ᠠᠯᠬᠤᠮ ᠢᠶᠠᠷ  ᠪᠠᠶᠢᠭᠤᠯᠤᠨ᠎ᠠ ᠃ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠲᠠᠢ ᠬᠠᠷᠢᠯᠴᠠᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ︽ᠠᠷᠠᠳ ᠤᠨ ᠪᠠᠶᠢᠳᠠᠯ ᠢ ᠰᠤᠷᠪᠤᠯᠵᠢᠯᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠷᠠᠳ ᠤᠨ ᠰᠡᠳᠬᠢᠯ ᠢ ᠨᠢᠭᠲᠠᠷᠠᠭᠤᠯᠬᠤ︾ ᠲᠣᠰᠬᠤᠨ ᠳᠤ ᠰᠠᠭᠤᠬᠤ ᠠᠵᠢᠯ ᠤᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠠᠴᠢᠯᠠᠭᠰᠠᠨ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ ᠃ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠴᠢᠩᠭ᠎ᠠ ᠲᠦᠰᠢᠭᠯᠡᠵᠦ᠂ ᠠᠰᠠᠭᠤᠳᠠᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠬᠠᠮᠵᠢᠯᠴᠠᠨ ᠴᠢᠳᠠᠮᠠᠭᠠᠢ ᠵᠠᠰᠠᠬᠤ ᠶᠢ ᠪᠡᠶᠡᠯᠡᠭᠦᠯᠦᠨ᠎ᠡ᠃ 
 
ᠢᠷᠡᠯᠲᠡ᠄ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号