ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 13 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ︵ᠱᠠᠩᠬᠠᠢ︶ | ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ ᠣᠷᠣᠨ ᠤ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ | ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠪᠠᠶᠢᠷᠢᠯᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ | ᠬᠡᠪ ᠵᠠᠭᠪᠤᠷ ᠢ ᠪᠠᠶᠢᠭᠤᠯᠬᠤ ᠪᠠ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ | ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠢᠲᠡᠭᠡᠮᠵᠢ ᠶᠢᠨ ᠢᠯᠭᠠᠷᠠᠭᠤᠯᠤᠨ ᠰᠡᠷᠭᠦᠭᠡᠬᠦ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ ᠪᠠᠲᠤᠯᠠᠨ᠂ | ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠤᠯᠪᠣᠭᠳᠠᠯ ᠪᠦᠬᠦᠢ ᠠᠷᠭ᠎ᠠ | ᠬᠡᠮᠵᠢᠶ᠎ᠡ ᠪᠠᠨ ᠰᠢᠯᠢᠳᠡᠭᠵᠢᠭᠦᠯᠬᠦ ᠶᠢ ᠰᠤᠳᠤᠯᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ | ᠠᠷᠠᠯᠵᠢᠶᠠᠨ ᠤ ᠳᠦᠷᠢᠮ ᠳᠤ ᠳᠤᠮᠳᠠᠳᠤ ᠤᠯᠤᠰ ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ | ᠣᠷᠣᠨ ᠢᠶᠠᠨ ᠪᠦᠬᠦ ᠲᠠᠯ᠎ᠠ ᠪᠠᠷ ᠵᠣᠯᠭᠠᠭᠤᠯᠤᠭᠰᠠᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠠᠶᠢᠲᠤᠷ ᠠᠰᠢᠭᠯᠠᠵᠤ᠂ ᠨᠡᠩ | ᠶᠡᠭᠡ ᠬᠡᠪᠴᠢᠶᠡᠨ ᠳᠤ ᠳᠦᠷᠢᠮ ᠤᠨ ᠰᠢᠨ᠎ᠡ ᠡᠭᠦᠳᠦᠯᠲᠡ ᠶᠢᠨ ᠴᠡᠪᠡᠷ ᠠᠰᠢᠭ ᠢ ᠪᠠᠳᠠᠷᠠᠭᠤᠯᠵᠤ᠂ ᠥᠨᠳᠥᠷ ᠲᠦᠪᠰᠢᠨ ᠲᠠᠢ | ᠨᠡᠭᠡᠭᠡᠯᠲᠡ ᠪᠠᠷ ᠭᠦᠨᠵᠡᠭᠡᠢ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠬᠠᠢ ᠶᠢᠨ | ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ | ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ ᠪᠠ ᠤᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ | ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ | ᠲᠤᠷᠰᠢᠯᠲᠠ ᠶᠢᠨ ᠴᠡᠭ ᠤᠨ ᠪᠤᠰᠤᠳ ᠠᠷᠭ᠎ᠠ ᠬᠡᠮᠵᠢᠶ᠎ᠡ ᠯᠦᠭᠡ ᠵᠣᠬᠢᠴᠠᠭᠤᠯᠬᠤ ᠪᠠ ᠵᠣᠯᠭᠠᠭᠤᠯᠬᠤ ᠶᠢ ᠰᠠᠶᠢᠲᠤᠷ ᠬᠢᠬᠦ | ᠬᠡᠷᠡᠭᠲᠡᠢ᠃ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ ᠤᠨ ᠬᠡᠯᠪᠡᠷᠢ ᠪᠦᠬᠦᠢ | ᠨᠡᠭᠡᠭᠡᠯᠲᠡ ᠬᠢᠬᠦ ᠲᠤᠷᠰᠢᠯᠲᠠ ᠶᠢ ᠨᠡᠩ ᠴᠢᠩᠭ᠎ᠠ ᠡᠷᠴᠢᠮ ᠲᠠᠢ ᠥᠷᠨᠢᠭᠦᠯᠵᠦ᠂ ᠨᠡᠩ ᠥᠨᠳᠥᠷ ᠲᠦᠪᠰᠢᠨ ᠲᠠᠢ ᠨᠡᠭᠡᠭᠡᠯᠲᠡᠲᠤ | ᠬᠡᠯᠪᠡᠷᠢ ᠪᠦᠬᠦᠢ ᠠᠵᠤ ᠠᠬᠤᠢ ᠶᠢᠨ ᠰᠢᠨ᠎ᠡ ᠪᠠᠶᠢᠭᠤᠯᠤᠯ ᠢ ᠲᠦᠷᠭᠡᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ | ᠬᠡᠪ ᠵᠠᠭᠪᠤᠷ ᠢ ᠪᠠᠶᠢᠭᠤᠯᠬᠤ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ᠂ ᠡᠷᠡᠭᠦᠯ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠯᠤᠰ ᠢ ᠪᠣᠳᠣᠯᠬᠢᠯᠠᠨ᠂ | ᠲᠣᠭᠲᠠᠭᠤᠨ ᠤ ᠳᠤᠮᠳᠠ ᠤᠷᠤᠭᠰᠢᠯᠠᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠠᠷᠢᠯᠭᠠᠬᠤ ᠪᠠᠨ | ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠬᠤ ᠬᠡᠷᠡᠭᠲᠡᠢ᠃ ︽ᠰᠠᠶᠢᠨ ᠭᠡᠷ | ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠬᠦᠴᠦᠲᠡᠢ ᠠᠬᠢᠭᠤᠯᠵᠤ᠂ ᠬᠤᠲᠠ ᠶᠢᠨ ᠰᠢᠨᠡᠳᠬᠡᠬᠦ | ᠲᠣᠭᠲᠠᠴᠠ ᠳᠤ ᠣᠷᠣᠭᠤᠯᠤᠭᠠᠳ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠲᠥᠯᠦᠪᠵᠢᠭᠦᠯᠭᠡ᠂ ᠭᠠᠵᠠᠷ | ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ | ᠬᠡᠷᠡᠭᠲᠡᠢ᠃ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠢᠭᠡᠨᠲᠡ ᠬᠠᠩᠭᠠᠭᠰᠠᠨ ᠭᠠᠵᠠᠷ ᠰᠢᠷᠣᠢ ᠪᠠ | ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠶᠢᠳᠠᠯ ᠢ ᠣᠶᠢᠯᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠬᠡᠷᠡᠭᠵᠢᠭᠦᠯᠬᠦ ᠰᠢᠰᠲ᠋ᠧᠮᠲᠦ ᠴᠢᠨᠠᠷ ᠪᠠ | ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ ᠪᠠᠶᠢᠭᠠᠳ ᠵᠢᠱᠢᠯᠲᠡ ᠶᠢ | ᠲᠣᠭᠲᠠᠪᠤᠷᠢᠵᠢᠭᠤᠯᠤᠨ᠂ ᠬᠡᠷᠡᠭᠴᠡᠭᠡ ᠶᠢ ᠬᠥᠭᠵᠢᠭᠡᠨ᠂ ᠬᠠᠩᠭᠠᠯᠭ᠎ᠠ ᠶᠢ ᠰᠢᠯᠢᠳᠡᠭᠵᠢᠭᠦᠯᠦᠨ᠂ ᠲᠦᠭᠰᠢᠭᠦᠷᠢ ᠶᠢ ᠠᠷᠢᠯᠭᠠᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ | ᠣᠷᠣᠭᠤᠯᠬᠤ ᠶᠢ ᠨᠠᠩ ᠴᠢᠩᠭ᠎ᠠ ᠡᠷᠴᠢᠮ ᠲᠠᠢ ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠢᠭᠡᠳᠦᠯᠲᠡᠢ ᠵᠢᠷᠤᠮᠵᠢᠭᠤᠯᠬᠤ᠂ ᠬᠠᠮᠵᠢᠯᠴᠠᠨ ᠬᠠᠮᠲᠤ ᠪᠠᠷ ᠡᠳ᠋ᠯᠡᠬᠦ᠂ | ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠶᠢᠯᠭᠠᠬᠤ ᠢᠲᠡᠭᠡᠮᠵᠢ ᠶᠢᠨ ᠢᠯᠭᠠᠷᠠᠭᠤᠯᠤᠨ ᠰᠡᠷᠭᠦᠭᠡᠬᠦ ᠲᠣᠭᠲᠠᠴᠠ ᠶᠢ | ᠲᠡᠭᠦᠯᠳᠡᠷᠵᠢᠭᠦᠯᠬᠦ ᠪᠠᠨ ᠲᠦᠷᠭᠡᠳᠬᠡᠵᠦ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠢᠲᠡᠭᠡᠮᠵᠢ ᠪᠠᠨ ᠳᠠᠬᠢᠨᠲᠠ | ᠴᠣᠭᠴᠠᠯᠠᠬᠤ ᠶᠢ ᠨᠢ ᠨᠡᠩ ᠰᠠᠶᠢᠲᠤᠷ ᠬᠠᠪᠰᠤᠷᠬᠤ ᠬᠡᠷᠡᠭᠲᠡᠢ᠃ ᠳᠦᠷᠢᠮ ᠢ ᠨᠢᠭᠡᠳᠦᠯᠲᠡᠢ ᠢᠯᠭᠠᠷᠠᠭᠤᠯᠤᠨ ᠰᠡᠷᠭᠦᠭᠡᠵᠦ᠂ ᠬᠢᠷᠢ | ᠬᠡᠮ ᠢ ᠬᠢᠨᠠᠨ ᠪᠠᠶᠢᠴᠠᠭᠠᠬᠤ᠂ ᠶᠠᠪᠤᠴᠠ ᠳᠤ ᠬᠢᠨᠠᠯᠲᠠ ᠲᠠᠯᠪᠢᠬᠤ᠂ ᠦᠷ᠎ᠡ ᠳ᠋ᠦᠩ ᠢ ᠦᠨᠡᠯᠡᠬᠦ ᠵᠡᠷᠭᠡ ᠭᠤᠭᠴᠣᠭᠠᠨ ᠤ | ᠪᠠᠷᠢᠮᠵᠢᠶ᠎ᠠ ᠪᠠ ᠵᠢᠷᠤᠮᠵᠢᠯ ᠢ ᠨᠢ ᠪᠦᠷᠢᠨᠰᠢᠭᠦᠯᠬᠦ ᠬᠡᠷᠡᠭᠲᠡᠢ᠃ ᠳ᠋ᠠᠶᠢᠲ᠋ᠠ ᠶᠢᠨ ᠬᠤᠷᠢᠭ᠎ᠠ ᠰᠠᠭᠠᠳ ᠢ ᠠᠷᠢᠯᠭᠠᠨ᠂ ᠳ᠋ᠠᠶᠢᠲ᠋ᠠ ᠶᠢ | ᠬᠠᠮᠲᠤ ᠪᠠᠷ ᠡᠳ᠋ᠯᠡᠬᠦ ᠬᠡᠪᠴᠢᠶ᠎ᠡ᠂ ᠠᠷᠭ᠎ᠠ᠂ ᠳᠠᠪᠲᠠᠮᠵᠢ ᠶᠢ ᠲᠦᠷᠭᠡᠬᠡᠨ ᠲᠣᠳᠣᠷᠬᠠᠶᠢᠯᠠᠵᠤ᠂ ᠬᠠᠮᠢᠶ᠎ᠠ ᠪᠦᠬᠦᠢ ᠬᠦᠷᠢᠶᠡᠨ ᠳᠠᠬᠢ | ᠨᠡᠶᠢᠭᠡᠮ ᠤᠨ ᠳ᠋ᠠᠶᠢᠲ᠋ᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠳ ᠤᠨ | ᠬᠠᠮᠵᠢᠯᠴᠠᠭ᠎ᠠ ᠶᠢ ᠴᠢᠩᠭᠠᠳᠬᠠᠵᠤ᠂ ᠭᠥᠯᠢᠶᠡᠨ ᠠᠪᠴᠤ ᠭᠦᠢᠴᠡᠳᠬᠡᠬᠦ᠂ ᠰᠢᠨᠡᠳᠬᠡᠨ ᠬᠠᠷᠢᠭᠤ ᠲᠤᠰᠬᠠᠬᠤ᠂ ᠣᠨᠳᠣᠣ ᠰᠠᠨᠠᠯ ᠢ | ᠰᠢᠢᠳᠪᠦᠷᠢᠯᠡᠬᠦ ᠵᠡᠷᠭᠡ ᠠᠵᠢᠯ ᠳᠤ ᠪᠠᠨ ᠨᠢᠭᠲᠠ ᠬᠠᠮᠵᠢᠯᠴᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ | ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠲᠤᠷᠰᠢᠯᠭ᠎ᠠ ᠪᠠᠨ ᠳ᠋ᠦᠩᠨᠡᠨ᠂ | ᠳᠤᠲᠠᠭᠤᠳᠠᠯ ᠢᠶᠠᠨ ᠨᠥᠬᠦᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠢᠷᠤᠮᠵᠢᠭᠤᠯᠤᠨ ᠳᠦᠷᠢᠮᠵᠢᠭᠦᠯᠵᠦ | ᠪᠠᠶᠢᠩᠭᠤᠰᠢᠭᠤᠯᠤᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ ᠶᠢᠨ | ᠬᠠᠮᠵᠢᠯᠴᠠᠭᠰᠠᠨ ᠬᠥᠭᠵᠢᠯᠲᠡ ᠪᠠ ᠵᠠᠰᠠᠯᠲᠠ ᠶᠢ ᠨᠠᠩ ᠰᠠᠶᠢᠲᠤᠷ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ | ᠣᠯᠠᠨ ᠡᠰᠢᠴᠢᠯᠡᠭᠰᠡᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠡᠮ ᠤᠨ ᠵᠦᠢᠯ ᠪᠠ ᠬᠤᠷᠣᠭᠳᠠᠯ | ᠮᠠᠲ᠋ᠧᠷᠢᠶᠠᠯ ᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠯᠲᠡ ᠶᠢᠨ ᠪᠦᠬᠦ ᠬᠡᠯᠬᠢᠶᠡᠨ ᠳᠠᠬᠢ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠳᠠᠭᠤᠷᠢᠶᠠᠮᠠᠯ ᠡᠮ ᠤᠨ ᠶᠠᠰᠤ ᠴᠢᠨᠠᠷ ᠪᠠ ᠡᠮᠴᠢᠯᠡᠭᠡᠨ ᠤ ᠦᠢᠯᠡᠳᠦᠯ ᠤᠨ ᠨᠢᠭᠡᠳᠦᠯᠲᠡᠢ | ᠴᠢᠨᠠᠷ ᠤᠨ ᠦᠨᠡᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ ᠤ ᠰᠠᠨᠠᠭ᠎ᠠ ᠠᠮᠤᠷ ᠡᠮ ᠬᠡᠷᠡᠭᠯᠡᠬᠦ ᠶᠢ | ᠪᠠᠲᠤᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | |