ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ | ᠬᠡᠯᠡᠯᠴᠡᠭᠡ ᠬᠢᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ | ᠰᠢᠯᠭᠠᠯᠲᠠ ᠶᠢ ᠲᠤᠭᠤᠯᠵᠤ᠂ ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠭᠠᠷ ᠢᠷᠡᠵᠠᠢ᠂ ᠡᠨᠡ ᠨᠢ | ᠠᠭᠤᠯᠠ ᠤᠰᠤ ᠪᠠᠷ ᠢᠶᠠᠨ ᠵᠠᠯᠭᠠᠯᠳᠤᠭᠰᠠᠨ ᠭᠠᠵᠠᠷ ᠣᠷᠣᠨ ᠤ ᠳᠠᠪᠠᠭᠤᠯᠢᠭ ᠪᠣᠯᠣᠨ ᠦᠶ᠎ᠡ ᠶᠢᠨ ᠦᠶ᠎ᠡ ᠳᠡᠭᠡᠨ ᠨᠥᠭᠦᠷᠰᠡᠭ | ᠪᠠᠶᠢᠭᠰᠠᠨ ᠲᠡᠦᠬᠡ ᠶᠢᠨ ᠤᠯᠠᠮᠵᠢᠯᠠᠯ ᠠᠴᠠ ᠪᠣᠯᠤᠭᠰᠠᠨ ᠶᠤᠮ᠂ ᠪᠠᠰᠠ ᠴᠤ ᠬᠤᠶᠠᠷ ᠤᠯᠤᠰ ᠤᠨ ᠬᠠᠮᠲᠤ ᠪᠠᠷ ᠬᠥᠭᠵᠢᠯᠲᠡ ᠶᠢ | ᠡᠷᠢᠯᠬᠢᠯᠡᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠣᠶᠢᠷ᠎ᠠ ᠶᠢᠨ ᠵᠢᠯ ᠠᠴᠠ᠂ ᠪᠢᠳᠡᠨ ᠤ ᠬᠠᠮᠲᠤ ᠶᠢᠨ ᠵᠢᠷᠤᠭ | ᠲᠥᠯᠥᠪᠯᠡᠭᠡ ᠳᠣᠣᠷ᠎ᠠ᠂ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠶᠠᠰᠤ ᠴᠢᠨᠠᠷ ᠨᠡᠩ | ᠭᠦᠢᠴᠡᠳ᠂ ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ ᠪᠣᠳᠠᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠤᠶᠠᠷ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ | ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ | ᠭᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠺᠠᠽᠠᠬᠰᠲ᠋ᠠᠨ ᠤ ᠬᠢᠨ ᠲᠠᠢ | ᠬᠠᠮᠲᠤ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ ᠳᠤᠮᠳᠠᠳᠤ ᠺᠠᠽᠠᠬᠰᠲ᠋ᠠᠨ ᠤ | ᠬᠠᠷᠢᠯᠴᠠᠭᠠᠨ ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠢᠶᠠᠷ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ | ᠲᠠᠶᠢᠪᠤᠩ ᠪᠣᠯᠣᠨ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ | ᠲᠡᠷᠢᠭᠦᠨ ᠬᠤᠶᠠᠷ ᠲᠠᠯ᠎ᠠ ᠪᠠᠷ ᠢᠶᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ | ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ ᠵᠢᠷᠤᠭ ᠪᠣᠯ ᠰᠢ ᠶᠢᠨ ᠫᠢᠩ ᠲᠦᠸᠧᠺᠠᠶᠧᠹ ᠲᠠᠢ ᠭᠠᠷ ᠠᠳᠬᠤᠵᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ | ᠱᠠᠲᠤᠨ ᠳᠤ ᠣᠷᠣᠰᠢᠵᠤ ᠪᠤᠢ᠂ ᠬᠤᠶᠠᠷ ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠦᠭᠦ | ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠨᠢᠭᠡ ᠳᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠢᠲᠡᠭᠡᠯᠴᠡᠭᠡ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠤᠰ ᠲᠤᠰ ᠤᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ | ᠬᠠᠷᠢᠯᠴᠠᠨ ᠡᠷᠡᠰ ᠳᠡᠮᠵᠢᠯᠴᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠬᠤ ᠶᠢ ᠠᠬᠢᠭᠤᠯᠵᠤ᠂ ᠤᠷᠪᠠᠭᠠᠨ | ᠬᠥᠷᠪᠡᠭᠡᠨ ᠤ ᠳᠤᠮᠳᠠ ᠲᠤᠰ ᠲᠤᠰ ᠤᠨ ᠢᠶᠠᠨ ᠪᠠᠲᠤ ᠴᠢᠩᠭ᠎ᠠ ᠥᠮᠥᠭ ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ ᠪᠠᠨ | ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ᠃ ᠬᠤᠶᠠᠷ ᠲᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠴᠢᠨᠠᠷ ᠰᠠᠶᠢᠲᠠᠢ ᠪᠦᠲᠦᠭᠡᠨ ᠪᠠᠶᠢᠭᠤᠯᠵᠤ ᠬᠤᠶᠠᠷ ᠤᠯᠤᠰ ᠤᠨ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭᠠᠨ ᠤ | ᠳᠠᠪᠠᠭᠤᠯᠢᠭ ᠢᠶᠠᠨ ᠪᠠᠬᠢᠵᠢᠭᠦᠯᠵᠦ᠂ ᠬᠢᠯᠢ ᠠᠯᠤᠰᠯᠠᠭᠰᠠᠨ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠪᠣᠯᠣᠨ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠯᠪᠣᠯᠳᠤᠨ | ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ | ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ᠃ ᠭᠤᠷᠪᠠ ᠳᠤ᠂ ᠪᠦᠭᠦ ᠲᠠᠯ᠎ᠠ ᠶᠢᠨ ᠠᠮᠤᠷ ᠲᠦᠪᠰᠢᠨ ᠤ | ᠬᠠᠮᠲᠤᠷᠠᠯᠴᠠᠭ᠎ᠠ ᠪᠠᠷ ᠬᠤᠶᠠᠷ ᠤᠯᠤᠰ ᠤᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠵᠤ᠂ ᠬᠠᠤᠯᠢ ᠬᠡᠷᠡᠭᠵᠢᠭᠦᠯᠬᠦ | ᠠᠮᠤᠷ ᠲᠦᠪᠰᠢᠨ ᠪᠣᠯᠣᠨ ᠰᠡᠷᠭᠡᠶᠢᠯᠡᠯᠲᠡ ᠶᠢᠨ ᠠᠵᠢᠯ ᠤᠨ ᠰᠣᠯᠢᠯᠴᠠᠭ᠎ᠠ ᠪᠠᠨ ᠥᠷᠭᠡᠳᠬᠡᠵᠦ᠂ ︽ᠭᠤᠷᠪᠠᠨ ᠵᠦᠢᠯ ᠤᠨ | ᠬᠦᠴᠦᠨ︾ ᠳᠤ ᠬᠠᠮᠲᠤ ᠪᠠᠷ ᠴᠣᠬᠢᠯᠲᠠ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠥᠷᠪᠡ ᠳᠤ᠂ ᠤᠯᠠᠨ ᠡᠰᠢᠴᠢᠯᠡᠭᠰᠡᠨ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠰᠠᠭᠤᠷᠢ ᠶᠢ ᠪᠠᠬᠢᠵᠢᠭᠦᠯᠵᠦ᠂ | ᠺᠠᠽᠠᠬᠰᠲ᠋ᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠵᠤ᠂ ᠵᠠᠯᠠᠭᠤᠴᠤᠳ᠂ | ᠵᠠᠭᠤᠴᠢᠯᠠᠭᠤᠷ᠂ ᠤᠶᠤᠨ ᠤ ᠬᠥᠮᠥᠷᠭᠡ᠂ ᠣᠷᠣᠨ ᠨᠤᠲᠤᠭ ᠤᠨ ᠬᠢᠨ ᠤ ᠰᠣᠯᠢᠯᠴᠠᠭ᠎ᠠ ᠪᠠᠨ ᠴᠢᠩᠭᠠᠳᠬᠠᠬᠤ ᠶᠢ | ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠺᠠᠽᠠᠬᠰᠲ᠋ᠠᠨ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ | ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠺᠠᠽᠠᠬᠰᠲ᠋ᠠᠨ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠶᠡᠭᠡ ᠬᠡᠮᠵᠢᠶᠡᠨ ᠤ ᠪᠡᠯᠡᠳᠬᠡᠯ ᠠᠵᠢᠯ | ᠬᠢᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ ᠡᠨᠡ ᠤᠳᠠᠭ᠎ᠠ ᠶᠢᠨ ᠬᠤᠷᠠᠯ ᠨᠢ ᠳᠤᠮᠳᠠᠳᠤ | ᠤᠯᠤᠰ ᠪᠣᠯᠣᠨ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ᠃ | ᠡᠭᠦᠨ ᠤ ᠬᠠᠮᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ | ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ ᠲᠠᠢ ᠬᠠᠮᠲᠤ ᠪᠠᠷ᠂ ᠡᠨᠡ ᠵᠢᠯ ᠤᠨ | ᠲᠢᠶᠠᠨᠵᠢᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ | ᠳᠦᠷᠰᠦ ᠪᠠᠶᠢᠳᠠᠯ ᠢ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃ | ᠲᠦᠸᠧᠺᠠᠶᠧᠹ᠂ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ ᠳᠣᠲᠣᠨᠣ ᠨᠠᠶᠢᠵᠠ ᠪᠠ | ᠨᠠᠶᠢᠳᠠᠪᠤᠷᠢᠲᠠᠢ ᠬᠠᠨᠢᠲᠠᠨ ᠮᠥᠨ᠃ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ ᠳᠤ ᠣᠷᠣᠵᠤ᠂ ᠬᠤᠶᠠᠷ ᠤᠯᠤᠰ ᠤᠨ | ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠶᠢᠨ ᠠᠷᠠᠳ | ᠲᠦᠮᠡᠨ ᠳᠤ ᠪᠤᠶᠠᠨ ᠦᠢᠯᠡᠳᠴᠦ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ | ᠪᠣᠯᠵᠠᠢ᠃ ᠺᠠᠽᠠᠬᠰᠲ᠋ᠠᠨ ᠳᠤᠮᠳᠠᠳᠤ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩᠭ᠎ᠠ ᠤᠯᠤᠰ ᠲᠦᠷᠦ ᠶᠢᠨ ᠬᠦᠰᠡᠯ ᠲᠠᠢ ᠶᠤᠮ᠂ | ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ | ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ | ᠦᠭᠡᠢ ᠶᠤᠮ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠣᠯᠪᠠ᠂ ᠡᠭᠦᠨ ᠳᠤ | ᠺᠠᠽᠠᠬᠰᠲ᠋ᠠᠨ ᠤ ᠬᠢᠨ ᠴᠢᠩ ᠰᠡᠳᠬᠢᠯ ᠠᠴᠠ ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠭᠡ | ᠬᠥᠭᠵᠢᠯᠲᠡ ᠶᠢᠨ ᠠᠮᠵᠢᠯᠲᠠ ᠣᠯᠬᠤ ᠶᠢ ᠪᠠᠲᠤ ᠢᠲᠡᠭᠡᠵᠦ ᠪᠠᠶᠢᠨ᠎ᠠ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ | ᠯᠤᠭ᠎ᠠ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠣᠯᠣᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠨ᠎ᠡ᠃ ᠬᠤᠶᠠᠷ ᠤᠯᠤᠰ ᠢᠶᠠᠷ ᠢᠶᠠᠨ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ | ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠤᠶ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠭᠦᠷᠭᠡᠯᠡᠯ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠵᠡᠷᠭᠡ ᠪᠠᠷ | ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠎ᠠ ᠤᠯᠤᠰ ᠤᠳ᠂ ᠳᠤᠮᠳᠠᠳᠤ ᠤᠯᠤᠰ - | ᠳᠤᠮᠳᠠ ᠠᠽᠢᠶ᠎ᠠ ᠶᠢᠨ ᠲᠣᠭᠲᠠᠴᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ | ᠬᠤᠷᠠᠯ ᠵᠡᠷᠭᠡ ᠤᠯᠠᠨ ᠲᠠᠯᠠᠲᠤ ᠲᠣᠭᠲᠠᠴᠠ ᠳᠤ ᠦᠷᠭᠦᠯᠵᠢᠯᠡᠨ ᠨᠢᠭᠲᠠ ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ | ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ | ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ᠂ ᠪᠡᠯᠡ | ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ ᠬᠦᠷᠢᠶ᠎ᠡ ᠶᠢ | ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠰᠣᠯᠢᠯᠴᠠᠬᠤ ᠶᠢ | ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |