ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 16 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠠ ᠨᠠᠶᠢᠷᠠᠮᠳᠠᠬᠤ | ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠬᠤᠶᠠᠳᠤᠭᠠᠷ ᠬᠤᠭᠤᠴᠠᠭᠠᠨ ᠤ ᠳᠤᠮᠳᠠᠳᠤ | ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠠᠰᠲ᠋ᠠᠨᠠ ᠳᠤ | ᠭᠦᠷᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠰᠬᠠᠢ | ᠨᠢᠰᠬᠡᠯ ᠢᠶᠠᠷ ᠠᠰᠲ᠋ᠠᠨᠠ ᠳᠤ ᠭᠦᠷᠪᠡ᠃ ᠵᠢᠷᠤᠭ ᠪᠣᠯ ᠰᠢ ᠶᠢᠨ ᠫᠢᠩ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ | ᠳᠠᠯᠠᠯᠤᠨ ᠮᠡᠨᠳᠦᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠺᠠᠽᠠᠬᠰᠲ᠋ᠠᠨ ᠤ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ | ᠺᠠᠽᠠᠬᠰᠲ᠋ᠠᠨ ᠤ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠶᠠᠯᠠᠯ ᠢ ᠬᠠᠮᠠᠭᠠᠯᠠᠪᠠ᠃ | ᠰᠢ ᠶᠢᠨ ᠫᠢᠩ ᠠᠰᠲ᠋ᠠᠨᠠ ᠶᠢᠨ ᠨᠠᠽᠠᠷᠪᠠᠶᠧᠹ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ | ᠶᠡᠷᠦᠩᠬᠡᠶᠢᠯᠡᠭᠴᠢ ᠲᠦᠸᠧᠺᠠᠶᠧᠹ ᠶᠡᠷᠦᠩᠬᠡᠶᠢᠯᠡᠭᠴᠢ ᠶᠢᠨ ᠠᠯᠪᠠᠨ ᠲᠢᠩᠬᠢᠮ ᠤᠨ ᠡᠷᠭᠢᠯᠡᠭᠴᠢ ᠳ᠋ᠠᠵᠢᠶᠧᠪᠠᠢ᠂ ᠳᠡᠳ᠋ ᠶᠡᠷᠦᠩᠬᠡᠢ | ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠧᠯᠢᠶ᠋ᠸᠨᠦᠷᠲ᠋ᠧᠯᠢᠶ᠋ᠸ᠊᠆ ᠦ᠋᠂ | ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠦ᠋ᠪᠢᠶᠧᠺ | ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠪᠠ᠃ ᠭᠤᠶᠣ ᠰᠠᠶᠢᠬᠠᠨ | ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤᠴᠤᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠶᠣᠰᠣᠯᠠᠯ ᠤᠨ | ᠴᠡᠷᠢᠭ ᠬᠥᠬᠡ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠵᠤ᠂ ᠺᠠᠽᠠᠬᠰᠲ᠋ᠠᠨ ᠤ ᠪᠠᠭᠠᠴᠤᠳ ᠬᠡᠦᠬᠡᠳ ᠳᠤᠮᠳᠠᠳᠤ | ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠨ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ | ᠬᠠᠯᠠᠭᠤᠨ ᠢᠶᠠᠷ ᠤᠭᠲᠤᠪᠠ᠃ ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢᠨ | ᠵᠢᠭᠰᠠᠭᠠᠯ ᠢ ᠰᠣᠨᠢᠷᠬᠠᠵᠤ᠂ ᠡᠭᠴᠡ ᠨᠢᠰᠬᠡᠯ ᠳᠤᠮᠳᠠᠳᠤ ᠺᠠᠽᠠᠬᠰᠲ᠋ᠠᠨ ᠤ ᠤᠯᠤᠰ ᠤᠨ ᠲᠤᠭ ᠢ ᠡᠯᠭᠦᠵᠦ ᠨᠢᠰᠬᠡᠯ ᠤᠨ | ᠪᠠᠭᠤᠳᠠᠯ ᠤᠨ ᠳᠡᠭᠡᠭᠦᠷ ᠨᠢᠰᠦᠨ ᠥᠩᠭᠡᠷᠡᠪᠡ᠃ ᠨᠢᠰᠬᠡᠯ ᠤᠨ ᠪᠠᠭᠤᠳᠠᠯ ᠤᠨ ᠬᠦᠨᠳᠦᠲᠦ ᠵᠣᠴᠢᠳ ᠤᠨ ᠠᠰᠠᠷ ᠲᠤ᠂ ᠬᠤᠶᠠᠷ | ᠤᠯᠤᠰ ᠤᠨ ᠲᠡᠷᠢᠭᠦᠨ ᠪᠠᠰᠠ ᠺᠠᠽᠠᠬᠰᠲ᠋ᠠᠨ ᠤ ᠪᠠᠭᠠᠴᠤᠳ ᠬᠡᠦᠬᠡᠳ ᠤᠨ ᠤᠷᠠᠨ ᠰᠠᠶᠢᠬᠠᠨ ᠤ ᠲᠣᠬᠯᠠᠯᠲᠠ ᠶᠢ ᠬᠠᠮᠲᠤ ᠪᠠᠷ | ᠰᠣᠨᠢᠷᠬᠠᠪᠠ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠺᠠᠽᠠᠬᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠬᠠᠨ ᠴᠦᠨ ᠯᠢᠨ ᠪᠠᠰᠠ ᠨᠢᠰᠬᠡᠯ ᠤᠨ | ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠵᠣᠴᠢᠳ ᠤᠨ ᠪᠠᠭᠤᠳᠠᠯ ᠳᠠᠭᠠᠨ ᠬᠦᠷᠬᠦ ᠵᠠᠮ | ᠵᠠᠭᠤᠷ᠎ᠠ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ | ᠲᠥᠯᠥᠭᠡᠯᠡᠭᠴᠢ ᠵᠠᠮ ᠤᠨ ᠬᠤᠶᠠᠷ ᠲᠠᠯ᠎ᠠ ᠪᠠᠷ ᠴᠤᠭᠯᠠᠷᠠᠵᠤ᠂ ︽ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ | ᠤᠭᠲᠤᠶ᠎ᠠ︕︾᠂ ︽ᠳᠤᠮᠳᠠᠳᠤ ᠺᠠᠽᠠᠬᠰᠲ᠋ᠠᠨ ᠤ ᠨᠥᠬᠦᠷᠯᠡᠯ ᠥᠨᠢ ᠮᠥᠩᠬᠡ︕︾ ᠵᠡᠷᠭᠡ ᠤᠯᠠᠭᠠᠨ ᠥᠩᠭᠡᠲᠡᠢ ᠬᠥᠨᠳᠡᠯᠡᠨ | ᠪᠢᠴᠢᠭᠡᠰᠦ ᠶᠢ ᠡᠷᠭᠦᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | | |