ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ ᠣᠷᠳᠣᠨ ᠳᠤ ᠶᠠᠪᠤᠭᠳᠠᠪᠠ᠃ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ | ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ | ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ | ᠣᠷᠣᠯᠴᠠᠪᠠ᠃ ᠤᠯᠤᠰ ᠤᠨ ᠲᠡᠷᠢᠭᠦᠨ ᠨᠠᠷ ᠨᠥᠭᠦᠷᠰᠡᠭ ᠠᠭᠤᠷ ᠠᠮᠢᠰᠬᠤᠯ ᠤᠨ ᠳᠤᠮᠳᠠ ᠰᠢ ᠠᠨ ᠤ ᠲᠦᠷᠦᠭᠦᠴᠦᠳ ᠤᠨ | ᠬᠤᠷᠠᠯ ᠠᠴᠠ ᠨᠠᠭᠠᠰᠢᠬᠢ ᠳᠤᠮᠳᠠᠳᠤ ᠤᠯᠤᠰ - ᠳᠤᠮᠳᠠ ᠠᠽᠢᠶ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭᠠᠨ ᠤ ᠦᠷ᠎ᠡ | ᠪᠦᠲᠦᠭᠡᠯ ᠢ ᠬᠠᠮᠲᠤ ᠪᠠᠷ ᠡᠷᠭᠢᠴᠡᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠪᠠᠷᠠᠯᠠᠨ᠂ ︽ᠳᠤᠮᠳᠠᠳᠤ ᠤᠯᠤᠰ - | ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ | ᠬᠠᠷᠢᠯᠴᠠᠭ᠎ᠠ ᠶᠢ ᠪᠠᠷᠢᠮᠲᠠᠯᠠᠨ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢ ᠭᠠᠷ ᠬᠤᠯᠪᠣᠯᠴᠠᠨ ᠠᠬᠢᠭᠤᠯᠬᠤ ᠪᠠᠷ | ᠰᠠᠨᠠᠯ ᠨᠢᠭᠡᠲᠡᠢ ᠲᠣᠭᠲᠠᠪᠠ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ | ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ | ᠣᠷᠣᠯᠴᠠᠵᠠᠢ᠃ ᠵᠢᠷᠤᠭ ᠪᠣᠯ ᠰᠢ ᠶᠢᠨ ᠫᠢᠩ ︽︿ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ﹀ ᠶᠢ | ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ | ᠭᠤᠣᠯ ᠵᠤᠷᠢᠯᠳᠠᠳᠤ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ | ᠳᠠᠷᠠᠭ᠎ᠠ ᠨᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ︽︿ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ | ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ | ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ | ᠣᠷᠣᠯᠴᠠᠪᠠ᠃ ᠵᠢᠷᠤᠭ ᠪᠣᠯ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ | ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ | ᠢᠳᠡᠪᠬᠢᠲᠡᠢ ᠠᠬᠢᠵᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠶᠢᠨ ᠨᠢᠷᠤᠭᠤ ᠲᠤᠯᠭᠠᠭᠤᠷᠢ | ᠦᠨᠳᠦᠰᠦᠨ ᠳᠡᠭᠡᠨ ᠪᠦᠷᠢᠯᠳᠦᠵᠦ᠂ ᠬᠠᠮᠲᠤᠷᠠᠯᠴᠠᠭᠠᠨ ᠤ ᠵᠠᠮ ᠶᠠᠪᠤᠬᠤ ᠲᠤᠲᠤᠮ ᠥᠷᠭᠡᠵᠢᠵᠦ᠂ ᠨᠥᠬᠦᠷᠯᠡᠯ ᠤᠨ ᠴᠡᠴᠡᠭ | ᠶᠠᠪᠤᠬᠤ ᠲᠤᠲᠤᠮ ᠭᠢᠯᠠᠯᠵᠠᠨ ᠳᠡᠯᠭᠡᠷᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ | ᠦᠨᠳᠦᠰᠦᠯᠡᠵᠦ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ | ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ | ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ | ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ | ᠠᠬᠢᠭᠤᠯᠬᠤ︾ ᠪᠦᠬᠦᠢ ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ | ᠪᠦᠷᠢᠯᠳᠦᠭᠦᠯᠪᠡ᠄ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ | ᠭᠡᠵᠦ ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ | ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠪᠠ︔ ᠢᠲᠡᠭᠡᠯᠴᠡᠭᠡ ᠪᠠᠨ | ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ ᠲᠣᠭᠲᠠᠨᠢᠯ᠂ | ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ | ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠦᠯᠤ ᠬᠢᠪᠡ︔ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ ᠤᠷᠢᠳ ᠢᠶᠠᠷ | ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ ᠠᠰᠢᠭ | ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ︔ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠲᠤᠰ | ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠥᠪᠡᠷ ᠤᠨ | ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ | ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ ︽ᠳᠤᠮᠳᠠᠳᠤ ᠤᠯᠤᠰ- | ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ | ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ | ᠬᠤᠪᠢᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ | ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ | ᠭᠡᠵᠦ ᠪᠠᠶᠢᠬᠤ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ | ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃ ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ | ᠬᠡᠷᠡᠭᠲᠡᠢ︔ ᠳᠡᠯᠡᠬᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠣᠬᠢᠨ᠎ᠠ︔ ᠬᠥᠮᠥᠨ ᠲᠥᠷᠥᠯᠬᠢᠲᠡᠨ ᠪᠠᠯᠠᠷ | ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠪᠠᠯ ᠵᠣᠬᠢᠨ᠎ᠠ᠃ ᠪᠢᠳᠠ ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ | ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ | ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃ | ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ | ᠳᠤᠮᠳᠠᠳᠤ ᠤᠯᠤᠰ ᠢᠮᠠᠭᠲᠠ ᠳᠤᠮᠳᠠ ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ | ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ | ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ ᠠᠽᠢᠶ᠎ᠠ ᠶᠢᠨ | ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ᠂ | ᠬᠥᠷᠰᠢ ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃ ᠵᠢᠷᠭᠤᠭᠠᠨ ᠤᠯᠤᠰ | ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ ᠬᠠᠮᠲᠤ ᠪᠠᠷ ᠭᠠᠷ ᠤᠨ | ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ ᠭᠡᠯᠪᠡᠷᠢ ᠪᠠᠷ | ᠲᠣᠭᠲᠠᠪᠤᠷᠢᠵᠢᠭᠤᠯᠪᠠ᠂ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ | ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ ᠮᠥᠨ᠂ ᠤᠳᠤ | ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ | ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ | ᠲᠣᠭᠲᠠᠪᠠ᠂ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠬᠤᠯᠪᠣᠯᠳᠤᠨ | ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ | ᠶᠠᠪᠤᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ᠎ᠠ᠃ ᠳᠤᠮᠳᠠᠳᠤ ᠤᠯᠤᠰ ᠳᠤᠮᠳᠠ ᠠᠽᠢᠶ᠎ᠠ ᠶᠢᠨ | ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ | ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠬᠠᠮᠲᠤᠷᠠᠯᠴᠠᠭᠠᠨ ᠤ ᠲᠥᠪ ᠪᠣᠯᠣᠨ | ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠵᠤ᠂ ᠳᠤᠮᠳᠠ | ᠠᠽᠢᠶ᠎ᠠ ᠶᠢᠨ ᠤᠯᠤᠰ ᠤᠳ ᠤᠨ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠶᠢ | ᠲᠠᠮᠵᠢᠵᠤ᠂ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 ᠪᠣᠯᠪᠠᠰᠤᠷᠠᠯ ᠤᠨ ᠣᠷᠣᠨ ᠲᠤᠭ᠎ᠠ | ᠬᠠᠩᠭᠠᠨ᠎ᠠ᠃ | ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ | ᠪᠠᠶᠢᠷᠢᠰᠢᠯ ᠢ ᠪᠤᠢ ᠪᠣᠯᠭᠠᠶ᠎ᠠ᠃ ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ | ᠰᠠᠨᠠᠭ᠎ᠠ ᠶᠢ ᠭᠠᠷ ᠬᠤᠯᠪᠣᠯᠴᠠᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ | ᠥᠭᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠠᠴᠠ ᠳᠤᠮᠳᠠ | ᠠᠽᠢᠶ᠎ᠠ ᠶᠢᠨ ᠤᠯᠤᠰ ᠤᠳ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠳᠤ | ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ | ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ | ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ | ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ | ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠦᠨ᠎ᠡ᠃ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ | ᠲᠥᠪ᠂ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠵᠤ᠂ | ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠵᠦ | ᠥᠭᠭᠦᠨ᠎ᠡ᠃ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠲᠥᠪ ᠠᠴᠠ ᠣᠷᠣᠨ ᠨᠤᠲᠤᠭ | ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ | ᠥᠷᠭᠡᠨ ᠣᠷᠣᠨ ᠪᠦᠰᠡ ᠭᠦᠷᠲᠡᠯ᠎ᠡ ︽ᠰᠡᠳᠬᠢᠯ ᠢᠶᠠᠨ ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃ | ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ | ᠳᠢᠭᠯᠢᠮ ᠢ ᠬᠠᠮᠠᠭᠠᠯᠠᠶ᠎ᠠ᠃ ᠪᠢᠳᠠ ᠭᠠᠷ ᠬᠤᠯᠪᠣᠯᠴᠠᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ | ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠤᠶᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠢᠳᠡᠪᠬᠢᠲᠡᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ | ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ ᠲᠠᠶᠢᠨ ᠤ ᠣᠨ | ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ | ᠳᠡᠮᠵᠢᠯᠴᠡᠵᠦ᠂ ᠪᠠᠶᠠᠷ ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ | ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ | ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ | ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠲᠤᠮᠳᠠᠳᠤ ᠤᠯᠤᠰ | ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠠᠮᠲᠤ ᠪᠠᠷ ᠴᠢᠷᠮᠠᠶᠢᠵᠤ᠂ ᠨᠡᠩ ᠴᠢᠨᠠᠷ ᠰᠠᠶᠢᠲᠠᠢ ᠬᠠᠮᠲᠤᠷᠠᠯᠴᠠᠭ᠎ᠠ | ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ | ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ | ᠠᠬᠢᠭᠤᠯᠤᠨ᠎ᠠ︕ᠭᠡᠵᠦ ᠵᠢᠭᠠᠵᠤ ᠭᠠᠷᠭᠠᠪᠠ᠃ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠵᠡᠷᠭᠡ ᠳᠤᠮᠳᠠ ᠠᠽᠢᠶ᠎ᠠ ᠶᠢᠨ ᠲᠠᠪᠤᠨ ᠤᠯᠤᠰ ᠤᠨ ᠤᠳᠤᠷᠢᠳᠬᠤ | ᠬᠥᠮᠥᠰ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ | ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠂ ᠳᠤᠮᠳᠠᠳᠤ ᠤᠯᠤᠰ ᠳᠤᠮᠳᠠ ᠠᠽᠢᠶ᠎ᠠ ᠶᠢᠨ | ᠤᠯᠤᠰ ᠤᠳ ᠲᠠᠢ ᠪᠦᠭᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠤᠯᠤᠰ ᠲᠤ ᠬᠤᠪᠣᠷ ᠨᠠᠨᠳᠢᠨ ᠬᠥᠭᠵᠢᠯᠲᠡ ᠶᠢᠨ | ᠠᠵᠠ ᠲᠣᠭᠢᠶᠠᠯ ᠠᠪᠴᠢᠷᠠᠭᠰᠠᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ | ᠨᠢᠭᠡᠨᠲᠡ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠ ᠠᠽᠢᠶ᠎ᠠ ᠶᠢᠨ ᠡᠯ᠎ᠡ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠲᠣᠬᠲᠠᠭᠠᠯᠲᠦ ᠪᠤᠰᠤ | ᠵᠦᠢᠯ ᠢᠶᠠᠷ ᠲᠦᠭᠦᠷᠡᠭᠰᠡᠨ ᠳᠡᠯᠡᠬᠡᠢ ᠶᠢᠷᠲᠢᠨᠴᠦ ᠳᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠶᠢᠨ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠡᠩ ᠲᠣᠪᠣᠶᠢᠮ᠎ᠠ ᠪᠣᠯᠵᠤ᠂ ᠳᠤᠮᠳᠠᠳᠤ ᠤᠯᠤᠰ ᠤᠨ ᠴᠡᠴᠡᠭᠯᠡᠯ ᠬᠥᠭᠵᠢᠯ | ᠬᠦᠴᠦᠷᠬᠡᠭ ᠶᠡᠭᠡ ᠨᠢ ᠶᠠᠭ ᠡᠷᠭᠢᠨ ᠲᠣᠭᠤᠷᠢᠨ ᠤ ᠤᠯᠤᠰ ᠤᠳ ᠲᠤ ᠠᠰᠢᠭ ᠬᠦᠷᠲᠡᠭᠡᠵᠦ ᠪᠠᠶᠢᠨ᠎ᠠ᠃ ᠳᠤᠮᠳᠠᠳᠤ ᠤᠯᠤᠰ | ᠪᠣᠯ ᠳᠤᠮᠳᠠ ᠠᠽᠢᠶ᠎ᠠ ᠶᠢᠨ ᠡᠯ᠎ᠡ ᠤᠯᠤᠰ ᠤᠨ ᠥᠨᠢ ᠡᠭᠦᠷᠢᠳᠡ ᠢᠲᠡᠭᠡᠵᠦ ᠪᠤᠯᠬᠤ ᠪᠠᠶᠢᠯᠳᠤᠬᠤ ᠪᠣᠳᠣᠯᠭ᠎ᠠ ᠶᠢᠨ ᠬᠠᠨᠢᠲᠠᠨ | ᠪᠠ ᠵᠢᠩᠬᠢᠨᠢ ᠨᠠᠶᠢᠵᠠ ᠮᠥᠨ᠃ ᠳᠤᠮᠳᠠ ᠠᠽᠢᠶ᠎ᠠ ᠶᠢᠨ ᠡᠯ᠎ᠡ ᠤᠯᠤᠰ ᠳᠤᠮᠳᠠᠳᠤ ᠤᠯᠤᠰ ᠯᠤᠭ᠎ᠠ ᠶᠢᠨ ᠬᠠᠷᠢᠯᠴᠠᠨ | ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠵᠠᠭᠪᠤᠷ ᠢ ᠳᠡᠭᠡᠳᠦ ᠬᠡᠮᠵᠢᠶ᠎ᠡ ᠪᠠᠷ ᠨᠠᠨᠳᠢᠩᠨᠠᠵᠤ᠂ | ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠠᠷᠠᠯᠵᠢᠶ᠎ᠠ᠂ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ | ᠲᠥᠬᠦᠭᠡᠷᠦᠮᠵᠢ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠤ᠂ | ᠣᠷᠣᠨ ᠪᠦᠰᠡ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ | ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ᠂ ᠳᠤᠮᠳᠠᠳᠤ ᠤᠯᠤᠰ - ᠳᠤᠮᠳᠠ | ᠠᠽᠢᠶ᠎ᠠ ᠶᠢᠨ ᠲᠣᠭᠲᠠᠴᠠ ᠶᠢ ᠣᠷᠣᠨ ᠪᠦᠰᠡ ᠶᠢᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠪᠣᠯᠭᠠᠨ ᠴᠣᠭᠴᠠᠯᠠᠵᠤ᠂ | ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠵᠦ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠠᠬᠢᠭᠤᠯᠵᠤ᠂ ᠨᠡᠩ ᠨᠢᠭᠲᠠ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠡᠯ᠎ᠡ ᠲᠠᠯ᠎ᠠ ᠶᠢᠨ ᠬᠢᠨ ᠳᠤᠮᠳᠠᠳᠤ | ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠪᠦᠲᠦᠭᠡᠯᠴᠢ ᠴᠢᠨᠠᠷᠲᠠᠢ ᠦᠢᠯᠡᠳᠦᠯ | ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ | ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ | ᠬᠠᠮᠵᠢᠯᠴᠠᠵᠤ᠂ ᠴᠢᠯᠦᠭᠡᠲᠦ ᠠᠷᠠᠯᠵᠢᠶ᠎ᠠ ᠪᠣᠯᠣᠨ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠡᠷᠡᠰ ᠬᠠᠮᠠᠭᠠᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ | ᠲᠡᠷᠢᠭᠦᠨ ᠲᠠᠢ ︽ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ | ᠬᠤᠷᠠᠯ ᠤᠨ ᠠᠰᠲ᠋ᠠᠨᠠ ᠶᠢᠨ ᠲᠤᠩᠬᠠᠭ︾᠂ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ | ᠨᠠᠶᠢᠷᠠᠮᠳᠠᠬᠤ ᠺᠠᠽᠠᠬᠰᠲ᠋ᠠᠨ ᠤᠯᠤᠰ᠂ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ᠂ ᠪᠦᠭᠦᠳᠠ ᠨᠠᠶᠢᠷᠠᠮᠳᠠᠬᠤ ᠲᠠᠵᠢᠺᠰᠲ᠋ᠠᠨ | ᠤᠯᠤᠰ᠂ ᠪᠦᠭᠦᠳᠠ ᠨᠠᠶᠢᠷᠠᠮᠳᠠᠬᠤ ᠲᠦᠷᠺᠮᠧᠨ᠋ᠰᠲ᠋ᠠᠨ᠂ ᠪᠦᠭᠦᠳᠠ ᠨᠠᠶᠢᠷᠠᠮᠳᠠᠬᠤ ᠦᠽᠪᠧᠺᠰᠲ᠋ᠠᠨ ᠤᠯᠤᠰ ᠯᠤᠭ᠎ᠠ ᠶᠢᠨ | ᠡᠭᠦᠷᠢᠳᠡ ᠶᠢᠨ ᠡᠶᠡᠯᠰᠡᠭ ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠭᠠᠷ ᠤᠨ ᠦᠰᠦᠭ ᠵᠢᠷᠤᠪᠠ᠃ | ᠲᠦᠷᠦᠭᠦᠴᠦᠳ ᠤᠨ ᠬᠤᠷᠠᠯ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ | ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠠᠷᠠᠯᠵᠢᠶ᠎ᠠ ᠶᠢ ᠰᠠᠭᠠᠳ ᠦᠭᠡᠢ | ᠨᠡᠪᠲᠡᠷᠡᠭᠦᠯᠬᠦ᠂ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠳᠪᠦᠷᠢ᠂ ᠪᠣᠭᠤᠮᠲᠠ ᠵᠡᠷᠭᠡ ᠬᠦᠷᠢᠶᠡᠨ ᠤ 12 ᠬᠤᠪᠢ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠠᠢ ᠭᠡᠵᠦ ᠨᠡᠶᠢᠲᠡᠯᠡᠪᠡ᠃ ᠲᠦᠷᠦᠭᠦᠴᠦᠳ ᠤᠨ | ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠲᠠᠪᠤᠨ ᠤᠯᠤᠰ ᠲᠠᠢ ᠤᠯᠠᠨ ᠨᠥᠭᠦᠷᠰᠡᠭ | ᠬᠤᠳᠠ ᠶᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠨᠥᠭᠦᠷᠰᠡᠭ ᠬᠤᠳᠠ ᠶᠢᠨ ᠲᠤᠭ᠎ᠠ 100 ᠬᠤᠣᠰ ᠢ ᠳᠠᠪᠠᠪᠠ᠃ | ᠰᠢ ᠶᠢᠨ ᠫᠢᠩ ᠪᠠᠰᠠ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠪᠠᠷ ᠳᠤᠮᠳᠠᠳᠤ ᠤᠯᠤᠰ - | ᠳᠤᠮᠳᠠ ᠠᠽᠢᠶ᠎ᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭᠠᠨ ᠤ ᠲᠥᠪ᠂ ᠰᠤᠷᠭᠠᠨ | ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭᠠᠨ ᠤ ᠲᠥᠪ | ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠤᠨ ᠫᠠᠶᠢᠰᠠ ᠰᠡᠬᠦᠬᠦ ᠶᠣᠰᠣᠯᠠᠯ ᠳᠤ | ᠣᠷᠣᠯᠴᠠᠪᠠ᠃ | ᠡᠯ᠎ᠡ ᠲᠠᠯ᠎ᠠ ᠶᠢᠨ ᠬᠢᠨ ᠳᠤᠮᠳᠠᠳᠤ ᠤᠯᠤᠰ 2027 ᠣᠨ ᠳᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ - | ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠪᠠᠷ ᠵᠥᠪᠯᠡᠨ ᠲᠣᠭᠲᠠᠪᠠ᠃ | ᠲᠤᠰ ᠣᠷᠣᠢ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ | ᠤᠯᠤᠰ ᠤᠨ ᠲᠡᠷᠢᠭᠦᠨ ᠢ ᠤᠭᠲᠤᠬᠤ ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |