ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ | - ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ | ᠭᠤᠣᠯ ᠵᠤᠷᠢᠯᠳᠠᠳᠤ ᠦᠭᠡ | ︵2025 ᠣᠨ ᠤ 6 ᠰᠠᠷ᠎ᠠ ᠶᠢᠨ 17 ᠤ ᠡᠳᠦᠷ᠂ ᠠᠰᠲ᠋ᠠᠨᠠ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠲᠦᠸᠧᠺᠠᠶᠧᠹ᠂ | ᠬᠠᠮᠲᠤ ᠠᠵᠢᠯᠯᠠᠭᠴᠢ᠂ ᠨᠠᠶᠢᠵᠠ ᠨᠠᠷ ᠠ᠋᠄ | ᠦᠵᠡᠰᠬᠦᠯᠡᠩᠲᠦ ᠰᠠᠶᠢᠬᠠᠨ ᠠᠰᠲ᠋ᠠᠨᠠ ᠳᠤ ᠢᠷᠡᠵᠦ᠂ ᠤᠯᠠᠨ ᠲᠠᠢ ᠬᠠᠮᠲᠤ ᠬᠤᠶᠠᠳᠤᠭᠠᠷ ᠬᠤᠭᠤᠴᠠᠭᠠᠨ ᠤ ᠳᠤᠮᠳᠠᠳᠤ | ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ | ᠶᠡᠷᠦᠩᠬᠡᠶᠢᠯᠡᠭᠴᠢ ᠲᠦᠸᠧᠺᠠᠶᠧᠹ ᠪᠣᠯᠣᠨ ᠺᠠᠽᠠᠬᠰᠲ᠋ᠠᠠ ᠤ ᠵᠠᠰᠠᠭ ᠤᠨ ᠣᠷᠳᠣᠨ ᠤ ᠳᠣᠲᠣᠨᠣᠰᠤᠭ ᠨᠢᠮᠪᠠᠢ | ᠲᠣᠬᠢᠷᠠᠭᠤᠯᠤᠯᠲᠠ ᠳᠤ ᠲᠠᠯᠠᠷᠬᠠᠵᠤ ᠪᠠᠶᠢᠨ᠎ᠠ᠃ | ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ ᠤᠯᠤᠰ ᠳᠤᠮᠳᠠ | ᠠᠽᠢᠶ᠎ᠠ ᠶᠢᠨ ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ ᠪᠢᠳᠡᠨ ᠤ | ᠬᠠᠮᠲᠤ ᠪᠠᠷ ᠵᠠᠶᠢᠯᠠᠭᠰᠠᠨ 6 ᠠᠨᠠᠷ ᠤᠨ ᠮᠣᠳᠣ ᠨᠢᠭᠡᠨᠲᠡ ᠰᠠᠯᠠᠭ᠎ᠠ ᠨᠠᠮᠠᠭ᠎ᠠ ᠰᠠᠬᠤᠯᠢᠭ ᠤᠷᠭᠤᠵᠤ᠂ ᠵᠢᠷᠭᠤᠭᠠᠨ ᠤᠯᠤᠰ ᠤᠨ | ᠬᠠᠮᠲᠤᠷᠠᠯᠴᠠᠭ᠎ᠠ ᠥᠷᠨᠢᠨ ᠴᠡᠴᠡᠭᠯᠡᠭᠰᠡᠨ ᠢ ᠪᠡᠯᠭᠡᠳᠡᠵᠦ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠠᠷᠠᠯᠵᠢᠶᠠᠨ ᠤ ᠲᠤᠭ᠎ᠠ | 35% ᠪᠠᠷ ᠨᠡᠮᠡᠭᠳᠡᠵᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠪᠣᠬᠢᠷᠳᠤᠯ ᠦᠭᠡᠢ ᠠᠭᠤᠷᠬᠠᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠲᠤᠷᠠᠯᠴᠠᠭ᠎ᠠ ᠢᠳᠡᠪᠬᠢᠲᠡᠢ ᠠᠬᠢᠪᠠ᠃ ᠳᠤᠮᠳᠠᠳᠤ | ᠤᠯᠤᠰ ᠤᠨ ᠬᠠᠩᠭᠠᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥᠯ ᠵᠦᠢᠯ ᠤᠳ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ ᠪᠠᠶᠢᠨ᠎ᠠ᠃ ᠤᠯᠠᠮ ᠠᠴᠠ ᠤᠯᠠᠨ ᠰᠢᠨ᠎ᠡ ᠡᠨᠧᠷᠭᠢ ᠶᠢᠨ ᠮᠠᠰᠢᠨ ᠲᠡᠷᠭᠡ᠂ ᠭᠡᠷᠡᠯᠴᠢ ᠴᠡᠨᠡᠭ ᠵᠡᠷᠭᠡ | ᠳᠤᠮᠳᠠᠳᠤ ᠤᠯᠤᠰ ᠤᠨ ᠦᠢᠯᠡᠳᠬᠦᠨ ᠳᠤᠮᠳᠠ ᠠᠽᠢᠶ᠎ᠠ ᠳᠤ ᠣᠷᠣᠵᠤ᠂ ᠪᠠᠯ᠂ ᠵᠢᠮᠢᠰ᠂ ᠪᠤᠭᠤᠳᠠᠢ᠂ ᠵᠢᠭᠦᠷᠲᠡᠨ ᠤ ᠮᠢᠬ᠎ᠠ ᠵᠡᠷᠭᠡ | ᠳᠤᠮᠳᠠ ᠠᠽᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡ ᠶᠢ | ᠪᠠᠶᠠᠯᠢᠭᠵᠢᠭᠤᠯᠤᠭᠰᠠᠨ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ - ᠺᠢᠷᠭᠢᠽᠰᠲ᠋ᠠᠨ - ᠦᠽᠪᠧᠺᠰᠲ᠋ᠠᠨ ᠤ ᠲᠡᠮᠦᠷ ᠵᠠᠮ ᠤᠨ ᠲᠦᠷᠦᠯ | ᠵᠦᠢᠯ ᠵᠢᠩᠬᠢᠨᠢ ᠪᠠᠷ ᠡᠬᠢᠯᠡᠵᠦ᠂ ᠳᠤᠮᠳᠠᠳᠤ ᠺᠠᠽᠠᠬᠰᠲ᠋ᠠᠨ ᠤ ᠭᠤᠷᠪᠠᠳᠤᠭᠠᠷ ᠵᠤᠷᠪᠤᠰ ᠲᠡᠮᠦᠷ ᠵᠠᠮ ᠤᠨ ᠲᠥᠯᠦᠪᠵᠢᠭᠦᠯᠭᠡ | ᠲᠣᠭᠲᠠᠭᠤᠨ ᠢᠶᠠᠷ ᠠᠬᠢᠵᠤ᠂ ᠳᠤᠮᠳᠠᠳᠤ ᠲᠠᠵᠢᠺᠰᠲ᠋ᠠᠨ ᠤ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠰᠡᠷᠭᠦᠭᠡᠨ | ᠵᠠᠰᠠᠯᠲᠠ ᠤᠷᠤᠭᠰᠢᠲᠠᠢ ᠠᠬᠢᠵᠤ᠂ ᠳᠤᠮᠳᠠᠳᠤ ᠲᠦᠷᠺᠮᠧᠨ᠋ᠰᠲ᠋ᠠᠨ ᠤ ᠡᠨᠧᠷᠭᠢ ᠶᠢᠨ ᠬᠠᠮᠲᠤᠷᠠᠯᠴᠠᠭ᠎ᠠ ᠲᠣᠭᠲᠠᠭᠤᠨ ᠢᠶᠠᠷ | ᠥᠷᠨᠢᠵᠦ ᠪᠠᠶᠢᠨ᠎ᠠ᠃ ᠤᠯᠠᠮ ᠠᠴᠠ ᠤᠯᠠᠨ ᠳᠤᠮᠳᠠᠳᠤ ᠤᠯᠤᠰ ᠤᠨ ᠬᠤᠳᠠ ᠳᠤᠮᠳᠠ ᠠᠽᠢᠶ᠎ᠠ ᠶᠢᠨ ᠵᠢᠰᠢᠶᠠᠨ ᠤ ᠭᠠᠯᠲᠤ | ᠲᠡᠷᠭᠡ ᠶᠢ ᠨᠠᠪᠲᠠᠷᠡᠭᠦᠯᠵᠦ᠂ ᠺᠠᠰᠫᠢ ᠲᠠᠩᠭᠢᠰ ᠢ ᠠᠯᠤᠰᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠪᠣᠬᠢᠷᠳᠤᠯ ᠦᠭᠡᠢ ᠠᠵᠤ ᠦᠢᠯᠡᠰ᠂ ᠲᠣᠭᠠᠴᠢᠯᠠᠭᠰᠠᠨ ᠠᠵᠤ | ᠠᠬᠤᠢ᠂ ᠵᠣᠬᠢᠶᠠᠮᠠᠯ ᠤᠶᠤᠨ ᠴᠢᠳᠠᠪᠤᠷᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠨᠢ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠪᠣᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠰᠦᠯᠵᠢᠶᠡᠨ | ᠳᠡᠭᠡᠷᠡᠬᠢ ᠰᠤᠷᠭᠠᠨ ᠬᠥᠮᠦᠵᠢᠯ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠭᠡᠯᠪᠡᠷᠢ ᠨᠢ ᠳᠤᠮᠳᠠᠳᠤ ᠤᠯᠤᠰ ᠪᠣᠯᠣᠨ | ᠳᠤᠮᠳᠠ ᠠᠽᠢᠶ᠎ᠠ ᠶᠢᠨ ᠤᠯᠤᠰ ᠤᠳ ᠤᠨ ᠥᠷᠭᠡᠨ ᠤᠯᠠᠨ ᠠᠷᠠᠳ ᠲᠦᠮᠡᠨ ᠳᠤ ᠠᠰᠢᠭ ᠬᠦᠷᠲᠡᠭᠡᠵᠦ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠤᠯᠤᠰ ᠤᠳ ᠬᠠᠷᠢᠯᠴᠠᠨ | ᠰᠣᠶᠣᠯ ᠤᠨ ᠲᠥᠪ ᠪᠠᠶᠢᠭᠤᠯᠵᠤ᠂ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ | ᠪᠣᠯᠣᠨ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠵᠡᠷᠭᠡ ᠲᠠᠯ᠎ᠠ ᠪᠠᠷ ᠠᠬᠢᠴᠠ ᠲᠠᠢ ᠪᠣᠯᠵᠤ᠂ ᠳᠤᠮᠳᠠᠳᠤ ᠺᠠᠽᠠᠬᠰᠲ᠋ᠠᠨ᠂ | ᠳᠤᠮᠳᠠᠳᠤ ᠦᠽᠪᠧᠺᠰᠲ᠋ᠠᠨ ᠬᠠᠷᠢᠯᠴᠠᠨ ᠸᠢᠰᠠ ᠠᠴᠠ ᠬᠡᠯᠲᠦᠷᠢᠭᠦᠯᠬᠦ ᠶᠢ ᠪᠡᠶᠡᠯᠡᠭᠦᠯᠵᠦ᠂ ᠨᠢᠳᠤᠨᠤᠨ ᠵᠥᠪᠭᠡᠨ ᠳᠤᠮᠳᠠᠳᠤ | ᠺᠠᠽᠠᠬᠰᠲ᠋ᠠᠨ ᠤ ᠬᠥᠮᠥᠰ ᠤᠨ ᠶᠠᠪᠤᠯᠴᠠᠭ᠎ᠠ 120 ᠲᠦᠮᠡᠨ ᠬᠥᠮᠥᠨ ᠤᠳᠠᠭ᠎ᠠ ᠶᠢ ᠳᠠᠪᠠᠵᠠᠢ᠃ ᠳᠤᠮᠳᠠ ᠠᠽᠢᠶ᠎ᠠ ᠶᠢᠨ | ᠤᠯᠤᠰ ᠤᠳ ᠤᠨ ᠵᠢᠭᠤᠯᠴᠢᠯᠠᠯ ᠤᠨ ᠣᠨ᠂ ᠰᠣᠶᠣᠯ ᠤᠨ ᠣᠨ᠂ ᠤᠷᠠᠯᠢᠭ ᠤᠨ ᠨᠠᠶᠢᠷ ᠳᠤᠮᠳᠠᠳᠤ ᠤᠯᠤᠰ ᠲᠤ ᠥᠷᠭᠡᠨ ᠢᠶᠠᠷ | ᠬᠦᠷᠢᠶᠡᠯᠡᠭᠳᠡᠵᠦ᠂ ︽ᠠᠭᠤᠯᠠ ᠤᠰᠤᠨ ᠤ ᠬᠠᠶᠢᠷ᠎ᠠ︾᠂ ︽ᠮᠢᠨᠤ ᠠᠯᠲᠠᠢ︾ ᠵᠡᠷᠭᠡ ᠳᠤᠮᠳᠠᠳᠤ ᠤᠯᠤᠰ ᠤᠨ ᠺᠢᠨᠣ᠋ ᠲᠧᠯᠸᠢᠰ ᠤᠨ | ᠪᠦᠲᠦᠭᠡᠯ ᠳᠤᠮᠳᠠ ᠠᠽᠢᠶ᠎ᠠ ᠳᠤ ᠠᠯᠳᠠᠷᠰᠢᠵᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠰᠣᠶᠣᠯ ᠢᠷᠭᠡᠨᠰᠢᠯ ᠤᠨ | ᠵᠢᠭᠤᠯᠴᠢᠯᠠᠯ ᠤᠨ ᠵᠢᠰᠢᠶᠠᠨ ᠤ ᠭᠠᠯᠲᠤ ᠲᠡᠷᠭᠡ ᠠᠮᠵᠢᠯᠲᠠᠲᠠᠢ ᠪᠠᠷ ᠠᠶᠠᠨ ᠢᠶᠠᠨ ᠡᠬᠢᠯᠡᠭᠦᠯᠪᠡ᠃ ᠥᠨᠥᠳᠥᠷ᠂ ᠪᠢᠳᠡ ᠳᠤᠮᠳᠠᠳᠤ | ᠤᠯᠤᠰ ᠪᠣᠯᠣᠨ ᠳᠤᠮᠳᠠ ᠠᠽᠢᠶ᠎ᠠ ᠶᠢᠨ ᠨᠥᠭᠦᠷᠰᠡᠭ ᠬᠤᠲᠠ 100 ᠬᠤᠣᠰ ᠢ ᠳᠠᠪᠠᠭᠰᠠᠨ ᠢ ᠭᠡᠷᠡᠴᠢᠯᠡᠨ᠎ᠡ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ 13 ᠶᠠᠮᠤᠨ ᠤ ᠲᠠᠰ ᠤᠨ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠨᠠᠷᠢᠨ ᠪᠢᠴᠢᠭ ᠤᠨ ᠭᠠᠵᠠᠷ ᠪᠦᠭᠦ ᠲᠠᠯ᠎ᠠ ᠪᠠᠷ ᠠᠵᠢᠯᠯᠠᠵᠤ᠂ ᠨᠢᠷᠤᠭᠤ | ᠲᠤᠯᠭᠠᠭᠤᠷᠢ ᠦᠨᠳᠦᠰᠦᠨ ᠳᠡᠭᠡᠨ ᠪᠦᠷᠢᠯᠳᠦᠪᠡ᠃ | ᠮᠢᠩᠭᠠᠨ ᠣᠨ ᠤ ᠡᠷᠲᠡᠨ ᠤ ᠨᠡᠶᠢᠰᠯᠡᠯ ᠰᠢ ᠠᠨ ᠠᠴᠠ ᠲᠠᠯ᠎ᠠ ᠨᠤᠲᠤᠭ ᠤᠨ ᠬᠡᠷᠡᠯᠳᠦ ᠰᠤᠪᠤᠳ ᠠᠰᠲ᠋ᠠᠨᠠ ᠭᠦᠷᠲᠡᠯ᠎ᠡ᠂ | ᠰᠢᠷ᠎ᠠ ᠲᠠᠩᠭᠢᠰ ᠤᠨ ᠬᠥᠪᠡᠭᠡᠨ ᠠᠴᠠ ᠺᠠᠰᠫᠢ ᠲᠠᠩᠭᠢᠰ ᠤᠨ ᠭᠦᠪᠡᠭᠡ ᠭᠦᠷᠲᠡᠯ᠎ᠡ᠂ ᠲᠡᠭᠷᠢ ᠠᠭᠤᠯᠠ ᠶᠢᠨ ᠡᠮᠦᠨ᠎ᠡ | ᠤᠮᠠᠷ᠎ᠠ ᠠᠴᠠ ᠫᠠᠮᠢᠷ ᠤᠨ ᠥᠨᠳᠦᠷᠯᠢᠭ ᠭᠦᠷᠲᠡᠯ᠎ᠡ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠮᠲᠤᠷᠠᠯᠴᠠᠭᠠᠨ ᠤ ᠵᠠᠮ ᠶᠠᠪᠤᠬᠤ ᠳᠤᠳᠤᠮ ᠥᠷᠭᠡᠵᠢᠵᠦ᠂ ᠨᠥᠬᠦᠷᠯᠡᠯ ᠤᠨ ᠴᠡᠴᠡᠭ ᠶᠠᠪᠤᠬᠤ ᠳᠤᠳᠤᠮ ᠭᠢᠯᠠᠯᠵᠠᠨ ᠳᠡᠯᠭᠡᠷᠡᠵᠦ | ᠪᠠᠶᠢᠬᠤ ᠶᠢ ᠪᠢ ᠣᠯᠵᠤ ᠬᠠᠷᠠᠭᠠᠳ ᠮᠠᠰᠢ ᠪᠠᠶᠠᠷ ᠲᠠᠢ ᠪᠠᠶᠢᠨ᠎ᠠ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ ᠦᠨᠳᠦᠰᠦᠯᠡᠵᠦ᠂ | ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ ᠰᠢᠨ᠎ᠡ ᠴᠠᠭ | ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ | ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ | ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ | ᠠᠬᠢᠭᠤᠯᠬᠤ︾ ᠪᠦᠬᠦᠢ ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ | ᠪᠦᠷᠢᠯᠳᠦᠭᠦᠯᠪᠡ᠃ | - ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ ᠭᠡᠵᠦ | ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ | ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠪᠠ᠃ | - ᠢᠲᠡᠭᠡᠯᠴᠡᠭᠡ ᠪᠠᠨ ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ | ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ | ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ | ᠬᠤᠬᠢᠷᠠᠭᠤᠯᠬᠤ ᠶᠠᠪᠤᠳᠠᠯ ᠢ ᠦᠯᠤ ᠬᠢᠪᠡ᠃ | - ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ | ᠤᠷᠢᠳ ᠢᠶᠠᠷ ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ | ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ᠃ | - ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ | ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ | ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ | ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ | ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ | ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ | ᠳᠡᠯᠭᠡᠷᠡᠭᠦᠯᠦᠶ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ | ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠲᠥᠪ ᠭᠤᠣᠯᠴᠢ | ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠷᠴᠢ | ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ | ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠬᠤ ᠦᠭᠡᠢ᠂ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ ᠬᠥᠨᠥᠭᠡᠯ ᠤᠴᠠᠷᠠᠭᠤᠯᠬᠤ ᠨᠢ | ᠵᠠᠶᠢᠯᠠᠰᠢ ᠦᠭᠡᠢ ᠶᠤᠮ᠃ | ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ ᠬᠡᠷᠡᠭᠲᠡᠢ︔ ᠳᠡᠯᠡᠬᠡᠢ ᠶᠢᠷᠲᠢᠨᠴᠦ ᠬᠠᠭᠠᠴᠠᠵᠤ ᠪᠤᠯᠬᠤ | ᠦᠭᠡᠢ᠂ ᠪᠦᠯᠬᠦᠮᠳᠡᠪᠡᠯ ᠵᠣᠬᠢᠨ᠎ᠠ︔ ᠬᠥᠮᠥᠨ ᠲᠥᠷᠥᠯᠬᠢᠲᠡᠨ ᠪᠠᠯᠠᠷ ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠᠯ ᠵᠣᠬᠢᠨ᠎ᠠ ᠭᠡᠵᠦ ᠪᠢ ᠵᠣᠷᠢᠭᠰᠠᠭᠠᠷ | ᠢᠷᠡᠵᠠᠢ᠃ | 3 ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ - ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠨᠡᠶᠢᠲᠡᠯᠡᠵᠦ᠂ ᠵᠢᠷᠭᠤᠭᠠᠨ ᠤᠯᠤᠰ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ᠂ ᠥᠷᠢᠰᠦᠯᠳᠦᠭᠡᠨ ᠢ ᠢᠯᠠᠨ ᠳᠠᠪᠠᠭᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠳᠤ ᠬᠠᠷᠠᠯᠲᠠ ᠪᠠ ᠴᠢᠭᠯᠡᠯ ᠢ | ᠲᠣᠳᠣᠷᠬᠠᠢ ᠵᠢᠭᠠᠵᠤ ᠥᠭᠪᠡ᠃ ᠪᠢᠳᠠ ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ | ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ | ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠷᠠᠯᠲᠠ ᠲᠡᠶᠢᠰᠢ | ᠡᠷᠡᠮᠡᠬᠡᠶᠢᠯᠡᠨ ᠤᠷᠤᠭᠰᠢᠯᠠᠶ᠎ᠠ᠃ | ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ | ᠳᠤᠮᠳᠠᠳᠤ ᠤᠯᠤᠰ ᠢᠮᠠᠭᠲᠠ ᠳᠤᠮᠳᠠ ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ | ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ | ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ ᠠᠽᠢᠶ᠎ᠠ ᠶᠢᠨ | ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ᠂ | ᠬᠥᠷᠰᠢ ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃ | ᠥᠨᠥᠳᠥᠷ ᠪᠢᠳᠡ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ | ᠬᠠᠮᠲᠤ ᠪᠠᠷ ᠭᠠᠷ ᠤᠨ ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ | ᠭᠡᠯᠪᠡᠷᠢ ᠪᠠᠷ ᠲᠣᠭᠲᠠᠪᠤᠷᠢᠵᠢᠭᠤᠯᠤᠨ᠎ᠠ᠃ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ | ᠪᠡᠯᠭᠡ ᠲᠡᠮᠳᠡᠭ ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ | ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ | ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ | ᠲᠣᠭᠲᠠᠪᠠ᠃ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠬᠤᠯᠪᠣᠯᠳᠤᠨ | ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ | ᠶᠠᠪᠤᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ | ᠡᠷᠲᠡᠬᠡᠨ ᠠᠮᠵᠢᠯᠲᠠ ᠣᠯᠬᠤ ᠪᠠᠷ ᠴᠢᠷᠮᠠᠶᠢᠶ᠎ᠠ᠃ | ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠥᠭᠵᠢᠯᠲᠡ ᠶᠢᠨ ᠲᠤᠷᠰᠢᠯᠭ᠎ᠠ ᠪᠣᠯᠣᠨ | ᠬᠠᠮᠤᠭ ᠤᠨ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ᠎ᠠ᠃ | ᠬᠤᠯᠪᠣᠭᠳᠠᠯ ᠪᠦᠬᠦᠢ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠳᠤᠮᠳᠠ ᠠᠽᠢᠶ᠎ᠠ ᠶᠢᠨ | ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ | ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠬᠠᠮᠲᠤᠷᠠᠯᠴᠠᠭᠠᠨ ᠤ ᠲᠥᠪ ᠪᠣᠯᠣᠨ | ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠪᠠ᠃ ᠳᠤᠮᠳᠠᠳᠤ | ᠤᠯᠤᠰ ᠳᠤᠷᠠᠲᠠᠶ᠎ᠠ ᠡᠨᠡ ᠵᠢᠯ ᠳᠤᠮᠳᠠ ᠠᠽᠢᠶ᠎ᠠ ᠶᠢᠨ ᠤᠯᠤᠰ ᠤᠳ ᠲᠤ 15 ᠳ᠋ᠦᠩᠰᠢᠭᠤᠷ ᠲᠥᠭᠦᠷᠢᠭ ᠤᠨ ᠲᠥᠯᠥᠪᠦᠷᠢ | ᠦᠭᠡᠢ ᠲᠤᠰᠠᠯᠠᠮᠵᠢ ᠬᠠᠩᠭᠠᠵᠤ᠂ ᠡᠯ᠎ᠡ ᠤᠯᠤᠰ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠪᠠ ᠬᠥᠭᠵᠢᠯᠲᠡ ᠶᠢᠨ | ᠲᠦᠷᠦᠯ ᠵᠦᠢᠯ ᠢ ᠬᠡᠷᠡᠭᠵᠢᠭᠦᠯᠬᠦ ᠳᠤ ᠬᠡᠷᠡᠭᠯᠡᠨ᠎ᠡ︔ ᠳᠤᠷᠠᠲᠠᠶ᠎ᠠ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ | ᠤᠯᠤᠰ ᠤᠳ ᠲᠤ 3000 ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃ | ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ | ᠪᠠᠶᠢᠷᠢᠰᠢᠯ ᠢ ᠪᠤᠢ ᠪᠣᠯᠭᠠᠶ᠎ᠠ᠃ ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ ᠢ ᠭᠠᠷ | ᠬᠤᠯᠪᠣᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ ᠭᠠᠵᠠᠷ | ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ | ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠬᠠᠤᠯᠢ | ᠬᠡᠷᠡᠭᠵᠢᠭᠦᠯᠦᠯᠲᠡ ᠶᠢᠨ ᠠᠮᠤᠷ ᠲᠦᠪᠰᠢᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ | ᠴᠢᠷᠮᠠᠶᠢᠯᠭ᠎ᠠ ᠶᠢ ᠳᠡᠮᠵᠢᠵᠦ᠂ ᠳᠤᠷᠠᠲᠠᠶ᠎ᠠ ᠡᠯ᠎ᠡ ᠤᠯᠤᠰ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ | ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ | ᠲᠦᠪᠰᠢᠨ ᠢ ᠬᠠᠮᠠᠭᠠᠯᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠨᠡᠩ ᠤᠯᠠᠨ ᠠᠮᠤᠷ ᠠᠮᠤᠭᠤᠯᠠᠩ | ᠬᠤᠲᠠ ᠶᠢᠨ ᠲᠦᠷᠦᠯ ᠵᠦᠢᠯ ᠪᠠ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠤᠨ ᠬᠠᠮᠲᠤᠷᠠᠯᠴᠠᠭ᠎ᠠ ᠶᠢ | ᠬᠡᠷᠡᠭᠵᠢᠭᠦᠯᠦᠨ᠎ᠡ᠃ | ᠠᠹᠭᠠᠨᠢᠰᠲ᠋ᠠᠨ ᠪᠣᠯ ᠪᠢᠳᠡᠨ ᠤ ᠬᠥᠷᠰᠢ ᠮᠥᠨ᠃ ᠪᠢᠳᠡ ᠬᠠᠮᠵᠢᠯᠴᠠᠭ᠎ᠠ ᠪᠠᠨ ᠴᠢᠩᠭᠠᠳᠬᠠᠵᠤ᠂ ᠠᠹᠭᠠᠨᠢᠰᠲ᠋ᠠᠨ ᠢ | ᠬᠠᠪᠰᠤᠷᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠩᠬᠡ ᠲᠠᠶᠢᠪᠤᠩ ᠲᠣᠭᠲᠠᠭᠤᠨ ᠪᠠᠶᠢᠳᠠᠯ | ᠪᠠ ᠳᠠᠭᠢᠨ ᠪᠦᠲᠦᠭᠡᠨ ᠪᠠᠶᠢᠭᠤᠯᠵᠤ ᠬᠥᠭᠵᠢᠭᠦᠯᠬᠦ ᠶᠢ ᠡᠷᠲᠡᠬᠡᠨ ᠪᠡᠶᠡᠯᠡᠭᠦᠯᠦᠶ᠎ᠡ᠃ | ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ | ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ | ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ | ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ ᠬᠥᠭᠵᠢᠯᠲᠡ᠂ ᠶᠠᠳᠠᠭᠤ ᠬᠦᠴᠢᠷᠳᠡᠯ ᠲᠠᠢ | ᠬᠥᠮᠥᠰ ᠢ ᠴᠥᠭᠡᠳᠬᠡᠬᠦ᠂ ᠢᠯᠵᠢᠷᠡᠯ ᠢ ᠡᠰᠡᠷᠭᠦᠴᠡᠬᠦ ᠵᠡᠷᠭᠡ ᠲᠤᠷᠰᠢᠯᠭ᠎ᠠ ᠶᠢ ᠬᠤᠪᠢᠶᠠᠯᠴᠠᠨ᠎ᠠ᠃ | ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ ᠲᠥᠪ᠂ ᠶᠡᠭᠡ ᠳᠡᠭᠡᠳᠦ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠳᠤᠮᠳᠠᠳᠤ ᠤᠯᠤᠰ ᠤᠨ | ᠶᠡᠭᠡ ᠳᠡᠭᠡᠳᠦ ᠰᠤᠷᠭᠠᠭᠤᠯᠢ ᠳᠤ ᠳᠤᠮᠳᠠ ᠠᠽᠢᠶ᠎ᠠ ᠶᠢᠨ ᠬᠡᠯᠡᠨ ᠤ ᠲᠤᠰᠬᠠᠢ ᠮᠡᠷᠭᠡᠵᠢᠯ ᠢ ᠨᠡᠮᠡᠨ ᠲᠣᠬᠢᠷᠠᠭᠤᠯᠵᠤ᠂ ︽ᠳᠤᠮᠳᠠᠳᠤ | ᠤᠯᠤᠰ - ᠳᠤᠮᠳᠠ ᠠᠽᠢᠶ᠎ᠠ ᠶᠢᠨ ᠮᠡᠷᠭᠡᠵᠢᠯ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠥᠯᠥᠪᠯᠡᠭᠡ︾ ᠶᠢ ᠦᠷᠭᠦᠯᠵᠢᠯᠡᠨ | ᠰᠠᠶᠢᠲᠤᠷ ᠬᠡᠷᠡᠭᠵᠢᠭᠦᠯᠵᠦ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ | ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃ | ᠳᠤᠮᠳᠠᠳᠤ ᠤᠯᠤᠰ ᠠᠴᠠ ᠳᠤᠮᠳᠠᠳᠤ ᠤᠯᠤᠰ ᠳᠤᠮᠳᠠ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠶᠢ ᠳᠡᠮᠵᠢᠵᠦ᠂ ᠨᠥᠭᠦᠷᠰᠡᠭ ᠬᠤᠲᠠ ᠶᠢᠨ ᠶᠠᠪᠤᠯᠴᠠᠭ᠎ᠠ ᠪᠠᠷ ᠬᠥᠭᠦᠷᠭᠡ ᠪᠤᠯᠭᠠᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠷ ᠭᠠᠷᠳᠠᠴᠠ ᠪᠤᠯᠭᠠᠵᠤ᠂ ᠲᠥᠪ ᠠᠴᠠ ᠣᠷᠣᠨ ᠨᠤᠲᠤᠭ ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ | ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ ᠪᠦᠰᠡ ᠭᠦᠷᠲᠡᠯ᠎ᠡ ︽ᠰᠡᠳᠬᠢᠯ ᠢᠶᠠᠨ | ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃ | ᠥᠨᠥᠳᠥᠷ ᠪᠠᠲᠤᠯᠠᠭᠰᠠᠨ ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠲᠦᠷᠭᠡᠬᠡᠨ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠵᠢᠷᠭᠤᠭᠠᠨ ᠤᠯᠤᠰ ᠤᠨ ᠠᠷᠠᠳ ᠣᠯᠠᠨ ᠤ ᠶᠠᠪᠤᠵᠤ ᠰᠠᠭᠤᠬᠤ ᠳᠤ | ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠤᠯᠭᠠᠵᠤ᠂ ᠲᠥᠷᠥᠯ ᠰᠠᠳᠤᠨ ᠰᠢᠭ᠋ ᠦᠷᠭᠦᠯᠵᠢ ᠶᠠᠪᠤᠯᠴᠠᠵᠤ᠂ | ᠶᠠᠪᠤᠬᠤ ᠲᠤᠲᠤᠮ ᠳᠣᠲᠣᠨᠣ ᠪᠤᠯᠬᠤ ᠶᠢ ᠬᠦᠰᠡᠵᠦ ᠪᠠᠶᠢᠨ᠎ᠠ᠃ | ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ | ᠳᠢᠭᠯᠢᠮ ᠢ ᠬᠠᠮᠠᠭᠠᠯᠠᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠳᠡᠯᠡᠬᠡᠢ ᠶᠢᠨ ᠬᠡᠷᠡᠭ | ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠳᠡᠮᠵᠢᠵᠦ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠨ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ | ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠢᠳᠡᠪᠬᠢᠲᠡᠢ ᠠᠬᠢᠭᠤᠯᠤᠨ᠎ᠠ᠃ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ ᠲᠠᠶᠢᠨ ᠤ ᠣᠨ ᠵᠢᠯ ᠤᠳ ᠲᠤ᠂ ᠳᠤᠮᠳᠠᠳᠤ | ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ ᠲᠡᠮᠵᠢᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ ᠬᠠᠮᠲᠤ ᠪᠠᠷ ᠴᠢᠬᠤᠯᠠ ᠬᠤᠪᠢ ᠨᠡᠮᠡᠷᠢ | ᠦᠵᠡᠭᠦᠯᠦᠭᠰᠡᠨ ᠶᠤᠮ᠃ ᠪᠢᠳᠡ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ ᠳᠡᠯᠡᠬᠡᠢ ᠶᠢᠨ ᠬᠤᠶᠠᠳᠤᠭᠠᠷ ᠲᠠᠶᠢᠨ ᠤ | ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ | ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠨᠡᠩ ᠤᠯᠠᠨ | ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠢᠮᠠᠭᠲᠠ | ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠲᠠᠢ | ᠨᠡᠩ ᠴᠢᠨᠠᠷ ᠰᠠᠶᠢᠲᠠᠢ ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠳᠤᠮᠳᠠᠳᠤ ᠤᠯᠤᠰ ᠤᠨ ᠡᠷᠲᠡᠨ ᠤ ᠮᠡᠷᠭᠡᠳ᠄ ︽ᠬᠠᠷᠢᠯᠴᠠᠨ ᠬᠠᠶᠢᠷᠠᠯᠠᠪᠠᠰᠤ ᠬᠠᠷᠢᠯᠴᠠᠨ ᠠᠰᠢᠭ ᠬᠦᠷᠲᠡᠭᠡᠮᠦᠢ︾ ᠬᠡᠮᠡᠨ | ᠶᠠᠷᠢᠳᠠᠭ᠃ ᠳᠤᠮᠳᠠ ᠠᠽᠢᠶ᠎ᠠ ᠳᠤ ᠪᠠᠰᠠ᠄ ︽ᠡᠶ᠎ᠡ ᠨᠠᠶᠢᠷᠠᠮᠳᠠᠭᠤ ᠪᠠ ᠪᠦᠯᠬᠦᠮᠳᠡᠯ ᠪᠣᠯ ᠳᠠᠷᠤᠢ ᠵᠣᠯ ᠵᠢᠷᠭᠠᠯ ᠪᠠ ᠡᠳ᠋ ᠪᠠᠶᠠᠯᠢᠭ | ᠮᠥᠨ︾ ᠭᠡᠬᠦ ᠵᠦᠢᠷ ᠦᠭᠡ ᠪᠠᠶᠢᠳᠠᠭ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ | ︽ᠳᠤᠮᠳᠠᠳᠤ ᠤᠯᠤᠰ - ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠬᠠᠷᠠᠯᠲᠠ ᠶᠢ ᠲᠣᠭᠲᠠᠭᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ | ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ︕ | ᠲᠠ ᠪᠦᠭᠦᠨ ᠳᠤ ᠪᠠᠶᠠᠷᠯᠠᠯ᠎ᠠ᠃ | | |