ᠲᠡᠮᠦᠷ ᠵᠠᠮ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠠᠮᠤᠷ ᠠᠮᠤᠭᠤᠯᠠᠩ ᠵᠡᠭᠡᠯᠢ ᠭᠤᠳᠤᠮᠵᠢ ᠶᠢ ᠬᠠᠮᠲᠤ ᠪᠠᠷ ᠪᠠᠢᠭᠤᠯᠤᠶ᠎ᠠ
ᠨᠡᠶᠢᠲᠡᠯᠡᠭᠰᠡᠨ ᠴᠠᠭ᠄
2025/6/2
        ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠵᠠᠮ ᠬᠠᠮᠠᠭᠠᠯᠠᠬᠤ ᠤᠬᠠᠮᠰᠠᠷ ᠢ ᠠᠶᠢᠯ ᠡᠷᠦᠬᠡ ᠳᠤ ᠭᠦᠨᠵᠡᠭᠡᠶᠢᠷᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 26 ᠤ ᠡᠳᠦᠷ᠂ ᠰᠢᠭᠤᠶᠢᠲᠤ ᠵᠡᠭᠡᠯᠢ ᠭᠤᠳᠤᠮᠵᠢ ︽ᠠᠮᠤᠷ ᠠᠮᠤᠭᠤᠯᠠᠩ ᠲᠡᠮᠦᠷ ᠵᠠᠮ · ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠣᠯᠭᠠᠵᠤ ᠲᠡᠮᠦᠷ ᠵᠠᠮ ᠤᠨ ᠵᠠᠮ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃        ᠰᠢᠭᠤᠶᠢᠳᠤ ᠵᠡᠭᠡᠯᠢ ᠭᠤᠳᠤᠮᠵᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ  ᠲᠠᠢ ᠬᠠᠮᠲᠤᠷᠠᠨ ᠬᠠᠷᠢᠶ᠎ᠠ ᠲᠣᠭᠤᠷᠢᠭ ᠤᠨ ᠳᠣᠲᠣᠷ᠎ᠠ ︽ᠵᠠᠮ ᠢ ᠬᠠᠶᠢᠷᠠᠯᠠᠵᠤ ᠵᠠᠮ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠵᠡᠷᠭᠡ ᠭᠤᠣᠯ ᠰᠡᠳᠦᠪᠲᠦ ᠬᠥᠨᠳᠡᠯᠡᠨ ᠪᠢᠴᠢᠭᠡᠰᠦᠡᠯᠭᠦᠬᠦ᠂ ᠰᠠᠭᠤᠭᠠᠯᠢ ᠠᠷᠠᠳ ᠲᠤ ︽ᠲᠡᠮᠦᠷ ᠵᠠᠮ ᠤᠨ ᠠᠮᠤᠷ ᠲᠦᠪᠰᠢᠨ ᠤ ᠭᠠᠷ ᠳᠡᠪᠲᠡᠷ︾ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢ ᠰᠢᠭᠤᠳ ᠳᠠᠮᠵᠢᠭᠤᠯᠵᠤ᠂ ᠲᠡᠮᠦᠷ ᠵᠠᠮ ᠳᠤ ᠠᠪᠠᠷᠢᠬᠤ᠂ ᠡᠯᠳᠡᠪ ᠪᠣᠳᠠᠰ ᠬᠠᠶᠠᠬᠤ ᠵᠡᠷᠭᠡ ᠠᠵᠢᠯᠯᠠᠭ᠎ᠠ ᠶᠢᠨ ᠬᠤᠣᠷ ᠬᠥᠨᠥᠭᠡᠯ ᠵᠢᠴᠢ ᠬᠠᠤᠯᠢ ᠴᠠᠭᠠᠵᠠ ᠶᠢᠨ ᠦᠷ᠎ᠡ ᠳ᠋ᠦᠩ ᠢ ᠨᠢᠭᠤᠷᠳᠠᠨ ᠲᠠᠶᠢᠯᠪᠤᠷᠢᠯᠠᠪᠠ︔ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠲᠤᠬᠠᠢ ᠶᠢᠨ ᠲᠠᠯᠠᠪᠤᠷ ᠲᠤ 80 ᠭᠠᠷᠤᠢ ᠣᠯᠠᠨ ᠲᠦᠮᠡᠨ ᠤ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠵᠠᠮ ᠬᠠᠮᠠᠭᠠᠯᠠᠬᠤ ᠤᠷᠢᠶ᠎ᠠ ᠯᠣᠽᠦ᠋ᠩ ᠳᠠᠷᠤᠮᠠᠯᠯᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ᠂ ᠬᠤᠷᠮᠦ᠋ᠢᠪᠴᠢ ᠵᠡᠷᠭᠡ ᠤᠬᠠᠭᠤᠯᠭ᠎ᠠ ᠶᠢᠨ ᠪᠣᠳᠠᠰ ᠢ 400 ᠭᠠᠷᠤᠢ ᠬᠤᠪᠢ ᠲᠠᠷᠬᠠᠭᠠᠵᠤ᠂ 200 ᠭᠠᠷᠤᠢ ᠠᠷᠠᠳ ᠲᠤ ᠠᠰᠢᠭ ᠬᠦᠷᠲᠡᠭᠡᠪᠡ᠃
图片6.png
        ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠢᠭᠡ ᠤᠳᠠᠭᠠᠨ ᠤ ᠠᠮᠤᠷ ᠲᠦᠪᠰᠢᠨ ᠤ ᠮᠡᠳᠡᠯᠭᠡ ᠶᠢᠨ ᠳᠠᠮᠵᠢᠭᠤᠯᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠠᠷᠠᠳ ᠢᠶᠠᠷ ᠢᠶᠠᠨ ᠣᠷᠣᠯᠴᠠᠭᠰᠠᠨ ᠵᠠᠮ ᠬᠠᠮᠠᠭᠠᠯᠠᠬᠤ ᠠᠵᠢᠯᠯᠠᠭ᠎ᠠ ᠶᠢᠨ ᠴᠤᠭᠯᠠᠷᠠᠯ ᠪᠣᠯᠤᠨ᠎ᠠ᠃ ᠵᠠᠯᠭᠠᠭᠠᠳ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠠᠮ ᠢ ᠬᠠᠶᠢᠷᠠᠯᠠᠵᠤ ᠬᠠᠮᠠᠭᠠᠯᠠᠬᠤ ᠪᠠᠶᠢᠩᠭᠤ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠰᠠᠭᠤᠭᠠᠯᠢ ᠠᠷᠠᠳ ᠤᠨ ᠬᠡᠮ ᠰᠣᠭᠤᠭ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ᠂ ᠪᠣᠯᠪᠠᠰᠤᠨ ᠪᠤᠰᠤ ᠠᠵᠢᠯᠯᠠᠭ᠎ᠠ ᠶᠢ ᠢᠳᠬᠠᠨ ᠬᠤᠷᠢᠭᠯᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠰᠡᠳᠬᠢᠯ ᠳᠤ ᠠᠮᠤᠷ ᠲᠦᠪᠰᠢᠨ ᠤ ᠦᠷ᠎ᠡ ᠶᠢ ᠲᠠᠷᠢᠵᠦ᠂ ᠲᠡᠮᠦᠷ ᠵᠠᠮ ᠢ ᠰᠠᠬᠢᠨ ᠬᠠᠮᠠᠭᠠᠯᠠᠬᠤ ᠮᠥᠩᠬᠡ ᠨᠣᠭᠤᠭᠠᠨ ᠮᠣᠳᠣ ᠪᠣᠯᠭᠠᠨ᠎ᠠ ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号