5 ᠳ᠋ᠤᠭᠠᠷ ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠨᠠᠶᠢᠳᠠᠯᠭ᠎ᠠ ᠪᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ | ᠰᠢᠶᠤᠤ ᠹᠸᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 149 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ | ᠪᠣᠯᠤᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠡᠯ᠎ᠡ ᠬᠦᠷᠢᠶᠡᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠶᠢ ᠴᠢᠬᠤᠯᠠᠴᠢᠯᠠᠵᠤ᠂ ᠰᠢᠭᠤᠶᠢᠲᠤ | ᠲᠣᠭᠤᠷᠢᠭ ᠤᠨ ᠦᠯᠢᠭᠡᠷ ᠳᠠᠭᠤᠷᠢᠶᠠᠯ ᠤᠨ ᠦᠯᠢᠭᠡᠷ ᠢ ᠰᠠᠶᠢᠲᠤᠷ ᠶᠠᠷᠢᠵᠤ᠂ ᠤᠷᠢᠳ ᠢᠶᠠᠷ ᠬᠡᠷᠡᠭᠵᠢᠭᠦᠯᠬᠦ ᠣᠷᠣᠨ ᠤ | ᠲᠡᠦᠬᠡᠲᠦ ᠴᠢᠨᠠᠷᠲᠠᠢ ᠳᠠᠪᠠᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ | 120 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠤᠨ ᠬᠠᠷᠠᠯᠲᠠ ᠶᠢ ᠰᠠᠶᠢᠲᠤᠷ ᠡᠷᠬᠢᠯᠡᠬᠦ ᠬᠠᠷᠠᠯᠲᠠ ᠶᠢ | ᠲᠣᠭᠲᠠᠭᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ | ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ | ᠰᠤᠷᠭᠠᠭᠤᠯᠢ ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠭᠠᠵᠠᠷ ᠣᠷᠣᠨ ᠤ ᠭᠤᠤᠯᠳᠠᠯᠭ᠎ᠠ ᠪᠣᠯᠬᠤ ᠠᠵᠤ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠤᠪᠴᠢᠲᠠᠢ ᠵᠣᠯᠭᠠᠭᠤᠯᠬᠤ ᠶᠢ | ᠠᠬᠢᠭᠤᠯᠵᠤ᠂ ᠨᠠᠩ ᠣᠯᠠᠨ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠰᠠᠭᠤᠳᠠᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠠᠵᠢᠯ ᠤᠨ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠵᠣᠴᠢᠨ | ᠦᠵᠡᠬᠦ ᠰᠡᠳᠬᠢᠴᠡ︾᠂ ︽ᠵᠠᠯᠬᠠᠭᠤ ᠰᠡᠳᠬᠢᠴᠡ︾ ᠶᠢ ᠡᠷᠡᠰ ᠬᠤᠷᠢᠭᠯᠠᠵᠤ᠂ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠭᠤᠣᠯᠯᠠᠬᠤ ᠡᠷᠬᠡ ᠶᠢ ᠪᠠᠲᠤ ᠡᠵᠡᠮᠰᠢᠨ᠂ ᠭᠤᠣᠯ ᠵᠠᠭᠤᠴᠢᠯᠠᠭᠤᠷ ᠢ ᠰᠢᠯᠢᠳᠡᠭᠵᠢᠭᠦᠯᠦᠨ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠪᠢ ᠶᠢᠨ ᠵᠠᠭᠤᠴᠢᠯᠠᠭᠤᠷ ᠤᠨ ᠬᠠᠮᠢᠶᠠᠷᠤᠯᠲᠠ ᠪᠠ ᠵᠢᠯᠣᠭᠤᠳᠤᠯᠭ᠎ᠠ ᠶᠢ | ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ | |