| 5 ᠳ᠋ᠤᠭᠠᠷ ᠰᠠᠷ᠎ᠠ ᠶᠢᠨ 29 ᠤ ᠡᠳᠦᠷ᠂ 2025 ᠣᠨ ᠤ ᠥᠪᠥᠷ ᠮᠣᠩᠭᠤᠯ ︵ᠪᠤᠭᠤᠲᠤ︶ ᠤᠨ ᠰᠠᠯᠬᠢᠨ | ᠬᠦᠴᠦᠨ ᠤ ᠴᠠᠬᠢᠯᠭᠠᠨ ᠤ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠬᠤᠷᠠᠯ ᠵᠢᠴᠢ | ᠮᠢᠩ ᠶᠠᠩ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠮᠣ ᠮᠠᠰᠢᠨ ᠤ ᠬᠡᠯᠪᠡᠷᠢ ᠶᠢᠨ ᠮᠡᠷᠭᠡᠵᠢᠯ ᠤᠨ | ᠰᠣᠯᠢᠯᠴᠠᠭᠠᠨ ᠤ ᠬᠤᠷᠠᠯ ᠬᠤᠷᠠᠯᠳᠤᠪᠠ᠃ ᠲᠣᠰ ᠤᠳᠠᠭᠠᠨ ᠤ ᠶᠡᠭᠡ ᠬᠤᠷᠠᠯ ᠨᠢ 85 ᠰᠢᠨ᠎ᠡ ᠡᠨᠧᠷᠭᠢ ᠶᠢᠨ | ᠬᠦᠷᠢᠶᠡᠨ ᠳᠠᠬᠢ ᠰᠢᠯᠢᠳᠡᠭ ᠠᠵᠤ ᠠᠬᠤᠶᠢᠯᠠᠯ᠂ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠵᠠᠰᠠᠭ ᠤᠨ ᠣᠷᠳᠣᠨ ᠤ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠴᠤᠭᠯᠠᠷᠠᠭᠤᠯᠵᠤ᠂ ᠰᠠᠯᠬᠢᠨ ᠬᠦᠴᠦᠨ ᠤ ᠴᠠᠬᠢᠯᠭᠠᠨ ᠤ | ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠬᠠᠮᠲᠤ ᠪᠠᠷ ᠰᠤᠳᠤᠯᠤᠨ ᠶᠠᠷᠢᠯᠴᠠᠵᠤ᠂ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠶᠠᠯᠴᠠᠵᠤ᠂ ᠬᠤᠷᠠᠯ ᠤᠨ ᠬᠤᠭᠤᠴᠠᠭᠠᠨ ᠳᠤ ᠡᠯᠪᠡᠭ ᠦᠷ᠎ᠡ | ᠪᠦᠲᠦᠭᠡᠯ ᠣᠯᠵᠤ᠂ ᠪᠤᠭᠤᠲᠤ ᠶᠢᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠶᠢ ᠤᠯᠠᠮ | ᠨᠢᠭᠡ ᠠᠯᠬᠤᠮ ᠰᠢᠨ᠎ᠡ ᠦᠨᠳᠦᠷᠴᠡ ᠳᠤ ᠬᠦᠷᠭᠡᠪᠡ᠃ | ᠰᠤᠷᠪᠤᠯᠵᠢᠯᠠᠭᠴᠢ ᠶᠡᠭᠡ ᠬᠤᠷᠠᠯ ᠤᠨ ᠲᠤᠬᠠᠢ ᠶᠢᠨ ᠲᠠᠯᠠᠪᠠᠢ ᠠᠴᠠ ᠣᠶᠢᠯᠠᠭᠠᠭᠰᠠᠨ ᠢᠶᠠᠷ ᠂ ᠰᠢᠭᠤᠶᠢᠲᠤ | ᠲᠣᠭᠤᠷᠢᠭ ᠨᠢ ᠱᠠᠨ ᠱᠢ ᠶᠢᠨ ᠲᠢᠶᠠᠨ ᠪᠤᠤ᠂ ᠶᠦᠩ ᠢ ᠵᠦᠩ ᠱᠢᠨ᠂ ᠭᠤᠸᠠᠩᠳᠦ᠋ᠩ ᠤᠨ ᠵᠦᠩ ᠺᠧ ᠰᠡᠷᠡᠯ | ᠳᠠᠮᠵᠢᠭᠤᠯᠤᠭᠴᠢ ᠂ ᠪᠡᠭᠡᠵᠢᠩ ᠤᠨ ᠯᠧᠢ ᠣᠤ ᠹᠧᠢ᠂ ᠪᠡᠭᠡᠵᠢᠩ ᠤᠨ ᠢ ᠲᠢᠶᠠᠨ ᠴᠧᠩ᠂ ᠾᠧᠨᠠᠨ ᠤ ᠭᠦᠸᠧ ᠶᠠ | ᠴᠠᠬᠢᠯᠭᠠᠨ ᠬᠦᠴᠦ᠂ ᠠᠨᠾᠦ᠋ᠢ ᠶᠢᠨ ᠷᠦᠢ ᠰᠠᠢ ᠺᠧ ᠵᠡᠷᠭᠡ 7 ᠢᠵᠢ ᠪᠦᠷᠢᠳᠦᠭᠰᠡᠨ ᠠᠵᠤ ᠠᠬᠤᠢᠯᠠᠯ ᠲᠠᠢ ᠪᠡᠯᠡ | ᠣᠷᠣᠭᠤᠯᠵᠤ ᠬᠠᠮᠲᠤᠷᠠᠯᠴᠠᠬᠤ ᠪᠣᠷᠣ ᠲᠥᠰᠥᠪ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠶᠡᠷᠦᠩᠬᠡᠢ ᠪᠡᠯᠡ | ᠣᠷᠣᠭᠤᠯᠤᠯᠲᠠ ᠶᠢᠨ ᠬᠡᠮᠵᠢᠶ᠎ᠡ ᠨᠢ 33 ᠳ᠋ᠦᠩᠰᠢᠭᠤᠷ ᠲᠥᠭᠦᠷᠢᠭ ᠢ ᠳᠠᠪᠠᠵᠤ᠂ ᠣᠷᠣᠨ ᠪᠦᠰᠡ ᠶᠢᠨ ᠰᠠᠯᠬᠢᠨ | ᠬᠦᠴᠦᠨ ᠤ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ ᠃ | ᠡᠳᠡᠭᠡᠷ ᠠᠵᠤ ᠠᠬᠤᠶᠢᠯᠠᠯ ᠨᠢ ᠰᠠᠯᠬᠢᠨ ᠬᠦᠴᠦᠨ ᠤ ᠴᠠᠬᠢᠯᠭᠠᠨ ᠤ ᠲᠣᠮᠣ ᠬᠡᠯᠪᠡᠷᠢ ᠶᠢᠨ ᠳᠠᠪᠲᠠᠯᠲᠠ᠂ ᠭᠠᠳᠠᠭᠠᠳᠤ | ᠬᠠᠮᠵᠢᠯᠴᠠᠭᠠᠨ ᠤ ᠲᠣᠨᠤᠭ᠂ ᠰᠡᠷᠡᠯ ᠳᠠᠮᠵᠢᠭᠤᠯᠤᠭᠴᠢ ᠶᠢᠨ ᠰᠢᠰᠲ᠋ᠧᠮ᠂ ᠰᠠᠯᠬᠢᠨ ᠬᠦᠴᠦᠨ ᠤ ᠴᠠᠬᠢᠯᠭᠠᠨ ᠤ ᠭᠠᠯ | ᠤᠨᠲᠠᠷᠠᠭᠠᠬᠤ ᠲᠥᠬᠦᠭᠡᠷᠦᠮᠵᠢ᠂ ᠨᠠᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ᠂ ᠰᠢᠯ ᠰᠢᠷᠬᠡᠭ ᠤᠨ | ᠨᠡᠬᠡᠮᠡᠯ ᠪᠣᠳᠠᠰ ᠵᠡᠷᠭᠡ ᠣᠯᠠᠨ ᠵᠠᠩᠭᠢᠯᠠᠭ᠎ᠠ ᠶᠢᠨ ᠬᠦᠷᠢᠶ᠎ᠡ ᠶᠢ ᠬᠠᠮᠤᠷᠴᠤ᠂ ᠲᠡᠳᠡᠨ ᠤ ᠰᠠᠭᠤᠷᠢᠰᠢᠭᠰᠠᠨ ᠨᠢ | ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠣᠯᠠᠨ ᠵᠦᠢᠯ ᠤᠨ | ᠬᠤᠭᠤᠰᠣᠨ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠨᠠᠩ ᠰᠢᠭᠤᠶᠢᠲᠤ ᠲᠣᠭᠤᠷᠢᠭ ᠪᠥᠬᠦ ᠤᠯᠤᠰ ᠤᠨ | ᠣᠷᠦ᠋ᠢᠯᠠᠭᠰᠠᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠪᠥᠭᠡᠮᠨᠡᠷᠡᠯ ᠢ ᠪᠠᠶᠢᠭᠤᠯᠬᠤ ᠳᠤ ᠬᠦᠴᠦᠲᠡᠶ ᠬᠦᠴᠦᠨ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ᠂ | ᠮᠢᠩ ᠶᠠᠩ ᠪᠦᠯᠦᠭᠯᠡᠯ 14 ᠠᠵᠤ ᠠᠬᠤᠶᠢᠯᠠᠯ ᠲᠠᠢ 3 ᠵᠢᠯ ᠤᠨ ᠬᠤᠭᠤᠴᠠᠭᠠᠨ ᠤ ᠵᠠᠬᠢᠶᠠᠯᠠᠭ᠎ᠠ ᠶᠢᠨ ᠬᠠᠭᠤᠳᠠᠰᠤ ᠲᠠᠢ | ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ | ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠢ ᠬᠦᠴᠦᠲᠡᠶ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠡᠭᠡᠭᠡᠯᠲᠡᠲᠦ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠠᠵᠤ | ᠦᠢᠯᠡᠰ ᠤᠨ ᠪᠥᠭᠡᠮᠨᠡᠷᠡᠯ ᠤᠨ ᠲᠦᠷᠭᠡᠨ ᠪᠦᠷᠢᠯᠳᠦᠬᠦ ᠶᠢ ᠠᠬᠢᠭᠤᠯᠪᠠ᠃ | | | | ᠪᠤᠭᠤᠲᠤ ᠶᠢᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠶᠢᠨ ᠭᠤᠣᠯ | ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠠᠴᠠ ᠨᠠᠭᠠᠰᠢ ᠂ ᠰᠢᠭᠤᠶᠢᠲᠤ ᠲᠣᠭᠤᠷᠢᠭ ᠨᠢ | ᠮᠢᠩ ᠶᠠᠩ ᠪᠦᠯᠦᠭᠯᠡᠯ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠂ ᠠᠵᠤ ᠦᠢᠯᠡᠰ ᠤᠨ | ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠪᠠ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠯᠬᠢᠨ | ᠬᠦᠴᠦᠨ ᠤ ᠴᠠᠬᠢᠯᠭᠠᠨ ᠤ ᠠᠵᠤ ᠦᠢᠯᠡᠰ ᠨᠢ ᠨᠢᠭᠡᠨᠲᠡ ᠪᠠᠲᠤ ᠪᠠᠬᠢ ᠰᠠᠭᠤᠷᠢ ᠪᠠ ᠬᠦᠴᠦᠷᠬᠡᠭ ᠶᠡᠭᠡ | ᠬᠥᠭᠵᠢᠯᠲᠡ ᠶᠢᠨ ᠳᠠᠯᠳᠠ ᠬᠦᠴᠦᠨ ᠢ ᠪᠦᠷᠢᠯᠳᠦᠭᠦᠯᠵᠡᠢ᠃ ᠲᠣᠰ ᠤᠳᠠᠭᠠᠨ ᠤ ᠶᠡᠭᠡ ᠬᠤᠷᠠᠯ ᠡᠯ᠎ᠡ ᠠᠵᠤ | ᠠᠬᠤᠶᠢᠯᠠᠯ ᠲᠠᠢ ᠠᠮᠵᠢᠯᠲᠠ ᠲᠠᠢ ᠪᠠᠷ ᠭᠡᠷ᠎ᠡ ᠲᠣᠭᠲᠠᠭᠰᠠᠨ ᠨᠢ ᠰᠢᠭᠤᠶᠢᠲᠤ ᠲᠣᠭᠤᠷᠢᠭ ᠤᠨ ᠰᠠᠯᠬᠢᠨ ᠬᠦᠴᠦᠨ ᠤ | ᠴᠠᠬᠢᠯᠭᠠᠨ ᠤ ᠠᠵᠤ ᠦᠢᠯᠡᠰ ᠤᠨ ᠬᠦᠷᠢᠶᠡᠨ ᠳᠠᠬᠢ ᠨᠥᠯᠥᠭᠡᠯᠡᠬᠦ ᠬᠦᠴᠦᠨ ᠪᠠ ᠲᠥᠪᠯᠡᠷᠡᠭᠦᠯᠬᠦ ᠦᠢᠯᠡᠳᠦᠯ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ | | | ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠨᠢ ᠰᠢᠨ᠎ᠡ ᠡᠨᠧᠷᠭᠢ ᠶᠢᠨ ᠰᠠᠯᠬᠢᠨ ᠬᠦᠴᠦᠨ ᠤ | ᠴᠠᠬᠢᠯᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠤᠮᠤ ᠬᠡᠯᠪᠡᠷᠢ ᠶᠢᠨ ᠴᠢᠳᠬᠤᠮᠠᠯ ᠲᠣᠨᠤᠭ᠂ ᠬᠤᠷᠳᠤᠴᠠ ᠤᠳᠠᠭᠠᠰᠢᠷᠠᠭᠤᠯᠬᠤ ᠮᠠᠰᠢᠨ᠂ | ᠴᠠᠬᠢᠯᠭᠠᠨ᠂ ᠡᠨᠧᠷᠭᠢ ᠬᠠᠳᠠᠭᠠᠯᠠᠬᠤ ᠵᠡᠷᠭᠡ ᠢᠵᠢ ᠪᠦᠷᠢᠳᠦᠭᠦᠯᠬᠦ ᠠᠵᠤ ᠠᠬᠤᠶᠢᠯᠠᠯ ᠢ ᠭᠤᠣᠯᠳᠠᠯᠭ᠎ᠠ ᠲᠠᠢ | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠠᠮᠢ ᠠᠬᠤᠶ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ᠡᠭᠦᠨ ᠤ ᠬᠠᠮᠲᠤ᠂ ᠰᠢᠭᠤᠶᠢᠲᠤ ᠲᠣᠭᠤᠷᠢᠭ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ︽ᠳᠠᠷᠦ᠋ᠢᠬᠠᠨ | ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ︾ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠲᠣᠭᠲᠠᠭᠠᠵᠤ᠂ | ᠭᠤᠣᠯᠳᠠᠯᠭ᠎ᠠ ᠪᠣᠯᠬᠤ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠣᠭᠲᠠᠴᠠ ᠶᠢ ᠭᠦᠨᠵᠡᠭᠡᠶᠢᠷᠡᠭᠦᠯᠵᠦ᠂ | ᠭᠤᠣᠯᠳᠠᠯᠭ᠎ᠠ ᠪᠣᠯᠬᠤ ᠲᠦᠷᠦᠯ ᠵᠦᠢᠯ ᠤᠨ ᠪᠦᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ︽ | ᠰᠢᠭᠤᠶᠢᠲᠤ ᠶᠢᠨ ᠰᠡᠳᠬᠢᠯ︾᠂ ︽ᠲᠠᠨ ᠳᠤ ᠲᠠᠭᠠᠰᠢᠶᠠᠭᠳᠠᠬᠤ︾ ︽ᠠᠯᠳᠠᠨ ᠦᠰᠦᠭᠲᠦ ᠫᠠᠶᠢᠰᠠ︾ ᠶᠢ ᠦᠨᠡᠨ ᠬᠦ | ᠬᠠᠩᠭᠢᠨᠠᠭᠤᠯᠵᠤ᠂ ᠪᠤᠭᠤᠲᠤ ᠶᠢᠨ ᠪᠦᠬᠦ ᠤᠯᠤᠰ ᠤᠨ ᠬᠠᠮᠤᠭ ᠤᠨ ᠴᠢᠬᠤᠯᠠ ᠬᠠᠭᠤᠷᠠᠢ ᠳᠡᠭᠡᠷᠡᠬᠢ ᠰᠠᠯᠬᠢᠨ | ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠢ ᠪᠠᠶᠢᠭᠤᠯᠬᠤ ᠳᠤ ᠬᠦᠴᠦᠨ | ᠨᠡᠮᠡᠷᠢᠯᠡᠨ᠎ᠡ᠃ | |