ᠵᠠᠩ ᠰᠢᠶᠤᠤ ᠹᠸᠢ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/6/2
        2025 ᠣᠨ ᠤ ᠤᠯᠤᠰ ᠤᠨ ᠨᠢᠭᠡᠳᠦᠯᠲᠡᠶ ᠰᠢᠯᠭᠠᠯᠲᠠ ᠣᠶᠢᠷᠠᠳᠴᠤ ᠂ ᠵᠢᠷᠭᠤᠭᠠᠨ ᠰᠠᠷ᠎ᠠ ᠶᠢᠨ ᠨᠢᠭᠡᠨ ᠤ ᠣᠯᠠᠨ ᠤᠯᠤᠰ ᠤᠨ ᠬᠡᠦᠬᠡᠳ ᠤᠨ ᠪᠠᠶᠠᠷ ᠤᠨ ᠡᠳᠦᠷ ᠴᠤ ᠬᠦᠷᠴᠦ ᠢᠷᠡᠬᠦ ᠭᠡᠵᠦ ᠪᠤᠢ ᠂ 5 ᠳ᠋ᠤᠭᠠᠷ ᠰᠠᠷ᠎ᠠ ᠶᠢᠨ 30 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠧᠢ ᠰᠦ ᠮᠧᠩ ᠲᠤᠷᠰᠢᠯᠲᠠ ᠶᠢᠨ ᠰᠤᠷᠭᠠᠭᠤᠯᠢ᠂ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠪᠠ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠵᠤ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠪᠠᠭᠰᠢ ᠰᠤᠷᠤᠭᠴᠢᠳ ᠲᠤ ᠬᠦᠴᠦ ᠨᠡᠮᠡᠷᠢᠯᠡᠬᠦ ᠶᠢᠨ ᠬᠠᠮᠲᠤ ᠬᠡᠦᠬᠡᠳ ᠤᠳ ᠲᠤ ᠪᠠᠶᠠᠷ ᠤᠨ ᠡᠳᠦᠷ ᠤᠨ ᠢᠷᠦᠭᠡᠯ ᠳᠡᠪᠰᠢᠭᠦᠯᠵᠦ ᠂ ᠰᠤᠷᠭᠠᠭᠤᠯᠢ ᠶᠢᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃        ᠰᠤᠷᠭᠠᠭᠤᠯᠢ ᠶᠢᠨ ᠬᠦᠷᠢᠶᠡᠨ ᠳᠤ᠂ ᠵᠠᠩ ᠰᠢᠶᠤᠤ ᠹᠸᠢ ᠬᠡᠦᠬᠡᠳ ᠤᠳ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠤ ᠰᠡᠳᠬᠢᠯ ᠲᠠᠯᠪᠢᠨ ᠪᠡᠯᠡᠳᠬᠡᠭᠰᠡᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ᠂ ᠲᠤᠬᠠᠢ ᠶᠢᠨ ᠲᠠᠯᠠᠪᠠᠢ ᠳᠤ ᠬᠠᠯᠠᠭᠤᠨ ᠳᠤᠯᠠᠭᠠᠨ ᠪᠥᠭᠡᠳ ᠪᠠᠶᠠᠷ ᠪᠠᠶᠠᠰᠬᠤᠯᠠᠩ ᠲᠠᠢ ᠪᠠᠶᠢᠯ᠎ᠠ᠃ ᠲᠡᠷᠡ᠂ ᠨᠠᠰᠤᠨ ᠳᠤ ᠥᠯᠥ ᠭᠦᠷᠦᠭᠰᠡᠳ ᠪᠣᠯ ᠡᠬᠡ ᠤᠯᠤᠰ ᠤᠨ ᠢᠷᠡᠭᠡᠳᠦᠶ ᠪᠠ ᠬᠦᠰᠡᠯ ᠡᠷᠡᠮᠡᠯᠵᠡᠯ ᠮᠥᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠶᠢᠨ ᠬᠢᠨ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠪᠠ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠭᠤᠶᠢᠲᠤ ᠲᠣᠭᠤᠷᠢᠭ ᠤᠨ ᠰᠢᠨ᠎ᠡ ᠲᠣᠭᠤᠷᠢᠭ ᠬᠠᠭᠤᠴᠢᠨ ᠲᠣᠭᠤᠷᠢᠭ ᠤᠨ ᠠᠳᠠᠯᠢ ᠪᠤᠰᠤ ᠣᠨᠴᠠᠯᠢᠭ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠂ ᠥᠪᠡᠷ ᠢ ᠪᠠᠨ ᠬᠦᠨᠳᠦᠳᠬᠡᠨ ᠥᠪᠡᠷ ᠢ ᠪᠠᠨ ᠬᠦᠴᠦᠷᠬᠡᠭᠵᠢᠭᠦᠯᠵᠦ᠂ ᠥᠭᠡᠳᠡᠯᠡᠨ ᠳᠠᠪᠰᠢᠬᠤ ᠶᠢ ᠬᠦᠲᠦᠯᠦᠨ  ᠵᠢᠯᠤᠭᠤᠳᠬᠤ ᠬᠡᠷᠡᠭᠲᠡᠶ ᠭᠡᠵᠡᠶ᠃        ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠲᠡᠷᠡ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠬᠢᠴᠢᠶᠡᠯ ᠤᠨ ᠬᠡᠷ ᠲᠤ ᠣᠷᠣᠵᠤ᠂ ᠤᠯᠤᠰ ᠤᠨ ᠨᠢᠭᠡᠳᠦᠯᠲᠡᠶ ᠰᠢᠯᠭᠠᠯᠲᠠ ᠳᠤ ᠪᠡᠯᠡᠳᠬᠡᠭᠰᠡᠨ ᠰᠤᠷᠤᠭᠴᠢᠳ ᠲᠠᠢ ᠨᠢᠭᠤᠷᠳᠠᠨ ᠶᠠᠷᠢᠯᠴᠠᠵᠤ᠂ ᠰᠤᠷᠤᠯᠴᠠᠯᠭ᠎ᠠ ᠶᠢᠨ ᠠᠬᠢᠴᠠ ᠪᠠ ᠰᠢᠯᠭᠠᠯᠲᠠ ᠳᠤ ᠪᠡᠯᠡᠳᠬᠡᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠤᠷᠤᠭᠴᠢᠳ ᠢ ᠡᠴᠦᠰ ᠤᠨ ᠴᠠᠭ ᠢ ᠠᠮᠵᠢᠨ ᠰᠢᠷᠭᠠᠭᠤ ᠴᠢᠷᠮᠠᠶᠢᠵᠤ᠂ ᠬᠠᠮᠤᠭ ᠤᠨ ᠰᠠᠶᠢᠨ ᠪᠠᠶᠢᠳᠠᠯ ᠢᠶᠠᠷ ᠬᠠᠮᠤᠭ ᠤᠨ ᠰᠠᠶᠢᠨ ᠬᠢᠷᠢ ᠪᠦᠲᠦᠮᠵᠢ ᠣᠯᠵᠤ᠂ ᠬᠥᠮᠦᠨ ᠤ ᠠᠮᠢᠳᠤᠷᠠᠯ ᠳᠤ ᠣᠰᠣᠯᠳᠠᠬᠤ ᠥᠬᠡᠶ᠂ ᠥᠪᠡᠷ ᠢ ᠪᠠᠨ ᠬᠥᠰᠡᠷᠳᠡᠭᠦᠯᠬᠦ ᠥᠬᠡᠶ ᠪᠠᠶᠢᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠪᠠᠭᠰᠢ ᠨᠠᠷ ᠤᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠠᠭᠰᠢ ᠨᠠᠷ ᠤᠨ ᠰᠤᠷᠤᠭᠴᠢᠳ ᠤᠨ ᠬᠤᠪᠢ ᠶᠢᠨ ᠵᠥᠷᠢᠶ᠎ᠡ ᠶᠢ ᠢᠯᠡᠭᠦᠬᠡᠨ ᠬᠠᠯᠠᠮᠵᠢᠯᠠᠵᠤ᠂ ᠰᠤᠷᠤᠭᠴᠢᠳ ᠤᠨ ᠰᠡᠳᠬᠢᠴᠡ ᠶᠢᠨ ᠲᠣᠬᠢᠷᠠᠭᠤᠯᠤᠯᠲᠠ ᠳᠤ ᠬᠦᠴᠦᠨ ᠨᠡᠮᠡᠷᠢᠯᠡᠵᠦ᠂ ᠤᠯᠤᠰ ᠤᠨ ᠨᠢᠭᠡᠳᠦᠯᠲᠡᠶ ᠰᠢᠯᠭᠠᠯᠲᠠ  ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠶᠢ ᠬᠦᠰᠡᠪᠡ᠃        ᠰᠤᠷᠭᠠᠭᠤᠯᠢ ᠶᠢᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠢ ᠪᠠᠶᠢᠴᠠᠭᠠᠬᠤ ᠶᠠᠪᠤᠴᠠ ᠳᠤ᠂ ᠲᠡᠷᠡ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ᠂ ᠰᠢᠯᠭᠠᠯᠲᠠ ᠶᠢᠨ ᠲᠠᠯᠠᠪᠤᠷ ᠤᠨ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠪᠦᠬᠦ ᠶᠠᠪᠤᠴᠠ ᠶᠢᠨ ᠪᠠᠶᠢᠴᠠᠭᠠᠯᠲᠠ ᠶᠢ ᠴᠢᠩᠭ᠎ᠠᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠲᠤ ᠰᠠᠶᠢᠨ ᠰᠠᠶᠢᠬᠠᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠲᠣᠭᠤᠷᠢᠭ ᠤᠨ ᠤᠳᠤᠷᠢᠳᠤᠯᠭ᠎ᠠ ᠨᠢᠦ ᠪᠢᠶᠤᠤ ᠂ ᠯᠢ ᠴᠢᠩ ᠵᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号