ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/6/20
        ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠭᠠᠯ ᠤᠨᠲᠠᠷᠠᠭᠠᠬᠤ ᠵᠠᠮ ᠤᠨ ᠠᠰᠠᠭᠤᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠴᠢᠳᠠᠪᠤᠷᠢᠲᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ 6 ᠳ᠋ᠤᠭᠠᠷ ᠰᠠᠷ᠎ᠠ ᠶᠢᠨ 13 ᠤ ᠡᠳᠦᠷ ᠪᠤᠭᠤᠲᠤ ᠬᠤᠲᠠ ᠶᠢᠨ ᠣᠯᠠᠨ ᠲᠦᠮᠡᠨᠴᠢ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠲᠤ ᠬᠦᠷᠴᠦ ᠭᠠᠯ ᠤᠨᠲᠠᠷᠠᠭᠠᠬᠤ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ ︽ᠡᠷᠭᠢᠨ ᠬᠠᠷᠠᠬᠤ︾ ᠠᠵᠢᠯ ᠢ ᠥᠷᠨᠢᠭᠦᠯᠪᠡ᠃ ᠮᠠᠨ ᠤ ᠲᠣᠪᠴᠢᠶ᠎ᠠ ᠶᠢᠨ ᠠᠵᠢᠯᠲᠠᠳ ᠺᠣᠮᠫᠠᠨᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠠᠷᠬᠠᠭᠠᠬᠤ ᠵᠠᠮ ᠱᠤᠭᠤᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠦᠭᠡᠶ ᠨᠡᠪᠲᠡᠷᠡᠬᠦ ᠡᠰᠡᠬᠦ ᠂ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠪᠦᠷᠢᠨ  ᠭᠦᠢᠴᠡᠳ ᠪᠠᠶᠢᠬᠤ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ ᠬᠠᠮᠲᠤ ᠲᠣᠰ ᠺᠣᠮᠫᠠᠨᠢ ᠶᠢᠨ  ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠬᠡ ᠳᠠᠩᠰᠠ ᠶᠢ ᠪᠠᠶᠢᠴᠠᠭᠠᠨ ᠦᠵᠡᠵᠦ᠂  ᠺᠣᠮᠫᠠᠨᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠠᠵᠢᠯᠯᠠᠭ᠎ᠠ ᠪᠠ ᠲᠠᠷᠬᠠᠭᠠᠬᠤ ᠰᠣᠷᠢᠯᠲᠠ ᠦᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠬᠠᠷᠢᠭᠤᠴᠠᠯᠭᠠᠲᠠᠨ ᠳᠤ ᠡᠳᠦᠷ ᠲᠤᠲᠤᠮ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ ᠃
图片2.png
        ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠪᠠᠶᠢᠩᠭᠤᠵᠢᠭᠰᠠᠨ ᠰᠡᠳᠬᠢᠬᠦᠶ ᠪᠠᠷ ︽ᠡᠷᠭᠢᠨ ᠬᠠᠷᠠᠬᠤ︾ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠡᠷᠭᠢᠨ  ᠬᠠᠷᠠᠬᠤ ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ︽ᠳᠠᠬᠢᠨ ᠳᠠᠪᠲᠠᠨ ᠵᠠᠰᠠᠬᠤ︾ ᠦᠵᠡᠭᠳᠡᠯ ᠢ ᠲᠦᠢᠯᠪᠤᠷᠢᠲᠠᠶ ᠡᠪᠳᠡᠨ᠎ᠡ᠃ ︽ᠥᠴᠦᠬᠡᠨ ᠴᠦ ᠠᠭᠤᠴᠢᠯᠠᠬᠤ ᠥᠬᠡᠶ︾ ᠣᠪᠣᠷ ᠪᠠ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠲᠡᠮᠦᠷ ᠬᠡᠷᠡᠮ ᠪᠣᠯᠣᠳ ᠬᠠᠨ᠎ᠠ ᠶᠢ ᠪᠥᠬᠦ ᠲᠠᠯ᠎ᠠ ᠪᠠᠷ ᠪᠠᠬᠢᠵᠢᠭᠦᠯᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ ᠃
 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号