ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/20
        6 ᠳ᠋ᠤᠭᠠᠷ ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠶᠢᠨ ᠨᠠᠶᠢᠳᠠᠯᠭ᠎ᠠ ᠪᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 151 ᠳ᠋ᠤᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ‍ ᠨᠢᠭᠡ ᠵᠦᠢᠯ ᠤᠨ ᠴᠢᠬᠤᠯᠠ ᠠᠷᠭ᠎ᠠ ᠬᠡᠯᠪᠡᠷᠢ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠪᠦᠲᠦᠭᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠩᠭᠢᠯᠠᠭ᠎ᠠ ᠶᠢᠨ ᠡᠯᠧᠮᠧᠨ᠋ᠲ ᠢ ᠨᠢᠭᠡᠳᠦᠯᠲᠡᠢ ᠲᠦᠯᠦᠪᠯᠡᠵᠦ ᠂ ᠠᠵᠢᠯ ᠤᠨ ᠬᠦᠴᠦᠨ ᠢ ᠰᠠᠶᠢᠲᠤᠷ ᠲᠤᠬᠢᠷᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦᠴᠢᠬᠤᠯᠠᠴᠢᠯᠠᠪᠠ᠃        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠢᠶᠠᠷ ᠢᠶᠠᠨ ᠴᠧᠨ ᠶᠦᠨ ᠨᠥᠬᠦᠷ ᠤᠨ ᠡᠷᠬᠢᠮ ᠳᠡᠭᠡᠳᠦ ᠣᠶᠤᠨ ᠰᠠᠨᠠᠭᠠᠨ ᠤ ᠬᠡᠪ ᠨᠠᠮᠪᠠ ᠂ ᠤᠳᠤᠷᠢᠳᠬᠤ ᠲᠤᠷᠰᠢᠯᠭ᠎ᠠ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠠᠷᠭ᠎ᠠ ᠪᠠ ᠠᠵᠢᠯᠯᠠᠬᠤ ᠠᠷᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠡᠳᠬᠢᠴᠡ ᠠᠷᠭ᠎ᠠ ᠶᠢᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠮᠠᠨ ᠤ ᠲᠤᠭᠤᠷᠢᠭ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠨ ᠲᠤᠭᠤᠰᠢᠯᠠᠭᠤᠯᠵᠤ᠂ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠰᠠᠶᠢᠲᠤᠷ ᠠᠳᠬᠤᠵᠤ᠂ ᠣᠷᠣᠨ ᠨᠤᠲᠤᠭ ᠤᠨ ᠤᠯᠠᠮᠵᠢᠯᠠᠯᠲᠤ ᠰᠣᠶᠣᠯ ᠢ ᠠᠭᠤᠳᠠᠯᠬᠤ ᠠᠵᠢᠯ ᠢ ᠰᠠᠶᠢᠲᠤᠷ ᠬᠢᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠭᠡᠰᠢᠭᠦᠨ ᠤ ︿ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ﹀ ᠶᠢ ᠨᠠᠶᠢᠳᠠᠪᠤᠷᠢᠵᠢᠭᠤᠯᠬᠤ ᠠᠵᠢᠯ ᠤᠨ ᠠᠷᠭ᠎ᠠ︾ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠦᠯᠬᠦᠮᠳᠡᠨ ᠬᠠᠮᠵᠢᠯᠴᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ᠂ ᠨᠢᠭᠲᠠ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃        ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠲᠤᠬᠠᠶ ᠶᠢᠨ ᠭᠠᠵᠠᠷ ᠲᠤᠨᠢ ᠦᠨᠡᠯᠡᠨ ᠵᠢᠱᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠪ ᠴᠢᠩᠭ᠎ᠠ ᠴᠢᠨᠠᠷ ᠪᠣᠯᠤᠨ ᠲᠤᠯᠭᠠᠮ᠎ᠠ ᠴᠢᠨᠠᠷ ᠢ ᠲᠠᠨᠢᠵᠤ᠂ ᠲᠤᠭᠤᠷᠢᠭ ᠤᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠢᠮ ᠲᠣᠭᠲᠠᠭᠠᠯ ᠲᠣᠭᠲᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号