ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 9 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/20
        6 ᠳ᠋ᠤᠭᠠᠷ ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠲᠣᠭᠤᠷᠢᠨ ᠳᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠶᠢᠨ ᠨᠠᠶᠢᠳᠠᠯᠭ᠎ᠠ ᠪᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠠᠴᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠤᠯᠪᠣᠭᠳᠠᠯ ᠪᠦᠬᠦᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ᠵᠠᠩ ᠬᠠᠢ᠂ ᠪᠠᠢ ᠰᠢᠶᠠᠩ ᠬᠥᠩ᠂ ᠵᠠᠩ ᠰᠢᠶᠦ᠋ᠩ᠂ ᠱᠠᠩ ᠶᠦᠩ ᠵᠧᠨ᠂ ᠰᠦᠨ ᠶᠤᠸᠠᠢ᠂ ᠶᠠᠨ ᠵᠢᠶᠠ ᠸᠧᠢ᠂ ᠴᠧᠨ ᠶᠦᠩ ᠫᠢᠩ ᠲᠤᠰ ᠲᠤᠰ ᠤᠨ ᠪᠣᠳᠣᠯᠬᠢᠯᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠭᠡᠰᠢᠭᠦᠨ ᠪᠢᠴᠢᠭ ᠤᠨ ᠮᠠᠲ᠋ᠧᠷᠢᠶᠠᠯ ᠳᠡᠪᠰᠢᠭᠦᠯᠵᠡᠢ᠃        ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠬᠤᠷᠢᠶᠠᠵᠤ ᠬᠦᠷᠭᠡᠬᠦ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠲᠠᠨᠢᠵᠤ᠂ ︽ᠢᠳᠡᠭᠡᠨ ᠤᠮᠳᠠᠭᠠᠨ ᠤ ᠥᠳᠥᠭᠡᠯᠭᠡ︾ ᠶᠢ ᠤᠬᠠᠮᠰᠠᠷ ᠠᠴᠠ ᠪᠠᠨ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠬᠤᠷᠢᠶᠠᠵᠤ ᠬᠦᠷᠭᠡᠬᠦ ᠭᠠᠵᠢᠭᠤ ᠰᠤᠷᠲᠠᠯ ᠢ ᠡᠷᠡᠰ ᠬᠤᠷᠢᠭᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠴᠠᠭ ᠢᠮᠠᠭᠲᠠ ᠰᠡᠷᠡᠮᠵᠢ ᠲᠠᠢ ᠪᠠᠶᠢᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠲᠣᠭᠲᠠᠭᠠᠯ ᠠᠴᠠ ᠵᠥᠷᠢᠴᠡᠨ ᠪᠡᠯᠡᠭ ᠪᠡᠯᠡᠭ ᠬᠤᠷᠢᠶᠠᠵᠤ ᠬᠦᠷᠭᠡᠬᠦ ᠶᠢᠨ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ ᠲᠠᠨᠢᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠥᠪᠡᠷ ᠢ ᠪᠠᠨ ᠰᠠᠶᠢᠲᠤᠷ ᠬᠠᠮᠢᠶᠠᠷᠴᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠬᠦ ᠬᠡᠷᠡᠭᠲᠡᠢ᠃ ᠦᠨᠡᠨ ᠬᠦ ᠬᠠᠲᠠᠭᠤ ᠲᠠᠢ ᠨᠢ ᠬᠠᠯᠳᠠᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠡᠭᠦᠷᠢᠳᠡ ᠵᠤᠬᠰᠤᠰᠢ ᠦᠭᠡᠢ ᠪᠠᠶᠢᠬᠤ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠪᠠᠲᠤᠯᠠᠵᠤ᠂ ᠦᠵᠡᠯ ᠰᠠᠨᠠᠭᠠᠨ ᠤ ︽ᠨᠡᠭᠡᠯᠡᠬᠡᠶ︾ ᠪᠠᠨ ᠴᠠᠭ ᠢᠮᠠᠭᠲᠠ ᠴᠢᠩᠭᠠᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠵᠤ᠂ ᠠᠷᠢᠭᠤᠨ ᠴᠢᠬᠡᠴᠢ ᠪᠣᠳᠠᠲᠠᠢ ᠶᠢ ᠡᠷᠬᠢᠮᠯᠡᠬᠦ ᠬᠡᠪ ᠰᠤᠷᠲᠠᠯ ᠢ ᠰᠡᠳᠬᠢᠯ ᠳᠡᠭᠡᠨ ᠬᠠᠳᠠᠩᠰᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠬᠦ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号