6 ᠳ᠋ᠤᠭᠠᠷ ᠰᠠᠷ᠎ᠠ ᠶᠢᠨ 20 ᠤ ᠡᠳᠦᠷ᠂ ᠰᠢᠭᠤᠶᠢᠲᠦ ᠲᠣᠭᠤᠷᠢᠭ ᠤᠨ ᠵᠠᠰᠠᠭ ᠤᠨ ᠣᠷᠳᠣᠨ 2025 | ᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠬᠤᠷᠠᠯᠳᠤᠭᠤᠯᠵᠤ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠤᠷᠠᠯ ᠳᠤ | ᠣᠷᠣᠯᠴᠠᠭᠰᠠᠨ ᠪᠥᠭᠡᠳ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠶᠢᠨ ᠲᠣᠭᠤᠷᠢᠨ ᠳᠤ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠪᠠ᠃ | ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠵᠠᠩ ᠰᠢᠶᠦ᠋ᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠵᠠᠩ ᠰᠢᠶᠤᠤ ᠹᠸᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠲᠠᠯ ᠤᠨ | ᠪᠠᠶᠢᠭᠤᠯᠤᠯᠲᠠ ᠶᠢᠨ ᠦᠢᠯᠡᠳᠦᠯᠭᠡ ᠠᠴᠠ ᠡᠭᠦᠰᠴᠦ᠂ ᠰᠢᠭᠤᠶᠢᠲᠤ ᠲᠣᠭᠤᠷᠢᠭ ᠤᠨ ᠪᠣᠳᠠᠲᠠᠶ ᠠᠵᠢᠯᠯᠠᠨ | ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠪᠠᠷ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠡᠶᠢᠲᠡᠯᠢᠭ ᠵᠢᠱᠢᠶ᠎ᠡ᠂ | ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ᠂ ᠣᠪᠣᠷ ᠰᠤᠷᠲᠠᠯ ᠬᠥᠪᠬᠦ ᠪᠤᠷᠤᠭᠤ ᠲᠠᠯ᠎ᠠ ᠶᠢᠨ | ᠢᠯᠡᠷᠡᠯ ᠲᠠᠢ ᠤᠶᠠᠯᠳᠤᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ | ᠬᠤᠯᠪᠣᠭᠳᠠᠯ ᠢ ᠲᠣᠳᠣᠷᠬᠠᠶᠢᠯᠠᠨ ᠥᠭᠦᠯᠡᠪᠡ᠃ ᠲᠡᠷᠡ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ | ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠡᠵᠡᠨ ᠰᠠᠭᠤᠵᠤ᠂ | ᠭᠠᠵᠠᠷ ᠣᠷᠣᠨ ᠤ ᠲᠥᠯᠥᠭᠡ ᠬᠠᠷᠢᠭᠤᠴᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠴᠡᠭᠡᠵᠢ ᠲᠡᠨᠢᠢᠯᠭᠡᠨ ᠨᠢᠷᠤᠭᠤ ᠪᠠᠨ | ᠲᠡᠨᠢᠢᠯᠭᠡᠨ ᠴᠤᠴᠠᠯᠲᠠ ᠦᠭᠡᠢ ᠤᠷᠤᠭᠰᠢᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠢᠩᠭ᠎ᠠ ᠨᠢᠮᠪᠠᠢ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠪ ᠬᠠᠮᠲᠤᠴᠤᠳ ᠤᠨ ᠬᠡᠪ ᠰᠤᠷᠲᠠᠯ ᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | ᠵᠠᠩ ᠰᠢᠶᠤᠤ ᠹᠸᠢ᠂ ᠲᠠᠷᠢᠬᠢ ᠲᠣᠯᠣᠭᠠᠶ ᠪᠠᠨ ᠲᠣᠳᠣᠷᠬᠠᠶ ᠪᠣᠯᠭᠠᠵᠤ ᠂ ᠤᠯᠤᠰ ᠲᠦᠷᠦ ᠶᠢᠨ | ᠦᠨᠳᠦᠷᠴᠡ ᠠᠴᠠ ᠠᠰᠠᠭᠤᠳᠠᠯ ᠢ ᠠᠵᠢᠭᠯᠠᠬᠤ᠂ ᠵᠠᠳᠠᠯᠬᠤ᠂ ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠳᠠᠪᠲᠠᠨ | ᠪᠣᠯᠪᠠᠰᠤᠷᠠᠭᠤᠯᠵᠤ᠂ ᠠᠵᠢᠯ ᠤᠨ ᠪᠠᠷᠠᠭᠠᠯᠬᠢᠯᠠᠯᠳᠤ ᠴᠢᠨᠠᠷ ᠪᠠ ᠵᠥᠩᠨᠡᠯᠲᠡ ᠶᠢᠨ ᠴᠢᠨᠠᠷ ᠢᠶᠠᠨ ᠴᠢᠩᠭᠠᠳᠬᠠᠬᠤ | ᠬᠡᠷᠡᠭᠲᠡᠶ᠃ ᠴᠢᠳᠠᠪᠤᠷᠢ ᠴᠢᠩᠭ᠎ᠠ ᠂ ᠲᠦᠷᠦ ᠶᠢᠨ ᠪᠤᠳᠤᠯᠭ᠎ᠠ ᠶᠢ ᠨᠡᠪᠲᠡᠷᠬᠡᠢ ᠰᠤᠷᠤᠯᠴᠠᠵᠤ᠂ ᠲᠤᠬᠠᠶᠢᠯᠠᠭᠰᠠᠨ | ᠠᠵᠢᠯ ᠢᠶᠠᠨ ᠨᠠᠷᠢᠯᠢᠭ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ ᠮᠦᠷᠦ ᠬᠠᠲᠠᠭᠤ ᠪᠠᠶᠢᠵᠤ ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ | ᠭᠦᠢᠴᠡᠳᠬᠡᠬᠦ ᠪᠠᠷ ᠦᠨᠳᠦᠰᠦᠨ ᠬᠡᠪ ᠪᠣᠯᠪᠠᠰᠤᠷᠠᠯ ᠪᠠ ᠵᠠᠰᠠᠭ ᠤᠨ ᠠᠵᠢᠯ ᠤᠨ ᠡᠭᠦᠷᠭᠡ ᠴᠢᠳᠠᠪᠤᠷᠢ ᠪᠣᠯᠭᠠᠵᠤ᠂ | ᠠᠵᠢᠯ ᠬᠢᠵᠦ ᠦᠢᠯᠡᠰ ᠪᠤᠰᠬᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠦᠢᠯᠡᠰ ᠢ ᠪᠦᠲᠦᠭᠡᠬᠦ ᠳᠤ ᠴᠦ | ᠥᠪᠡᠷ ᠢ ᠪᠠᠨ ᠪᠦᠲᠦᠭᠡᠬᠦ ᠬᠡᠷᠡᠭᠲᠡᠢ᠃ ᠣᠪᠣᠷ ᠰᠤᠷᠲᠠᠯ ᠪᠣᠳᠠᠲᠠᠢ ᠪᠠᠶᠢᠵᠤ ᠂ ᠡᠯ᠎ᠡ ᠵᠦᠢᠯ ᠤᠨ ᠦᠢᠯᠡᠰ ᠢᠶᠠᠨ ᠨᠡᠩ | ᠨᠠᠷᠢᠯᠢᠭ᠂ ᠨᠡᠩ ᠪᠦᠷᠢᠨ ᠭᠦᠢᠴᠡᠳ᠂ ᠨᠡᠩ ᠪᠣᠳᠠᠲᠠᠢ ᠶᠢ ᠡᠷᠬᠢᠮᠯᠡᠵᠦ᠂ ᠦᠨᠡᠨ ᠪᠣᠳᠠᠲᠠᠢ ᠠᠵᠢᠯ ᠤᠨ ᠰᠤᠷᠲᠠᠯ ᠢᠶᠠᠷ | ᠠᠷᠠᠳ ᠤᠯᠠᠨ ᠤ ᠬᠦᠷᠢᠶᠡᠯᠡᠯ ᠢ ᠤᠯᠬᠤ ᠬᠡᠷᠡᠭᠲᠡᠢ᠃ ᠪᠦᠯᠬᠦᠮᠳᠡᠯ ᠢ ᠣᠶᠢᠯᠠᠭᠠᠵᠤ ᠂ ᠪᠤᠰᠤᠳ ᠤᠨ ᠵᠣᠭᠰᠣᠴᠠ ᠠᠴᠠ | ᠠᠰᠠᠭᠤᠳᠠᠯ ᠢ ᠪᠣᠳᠣᠯᠬᠢᠯᠠᠬᠤ ᠶᠢ ᠰᠤᠷᠴᠤ᠂ ᠢᠯᠡᠭᠦᠬᠡᠨ ᠬᠢᠵᠦ ᠳᠡᠶᠢᠯᠪᠡᠯ ᠢᠯᠡᠭᠦᠬᠡᠨ ᠬᠢᠵᠦ᠂ ᠪᠠᠶᠢᠷᠢᠰᠢᠯ ᠪᠠ | ᠬᠡᠬᠦᠳᠡᠭ ᠴᠡᠭᠡᠵᠢ ᠶᠢ ᠢᠯᠡᠷᠡᠭᠦᠯᠬᠦ ᠬᠡᠷᠡᠭᠲᠡᠶ᠃ ᠰᠠᠬᠢᠯᠭ᠎ᠠ ᠪᠠᠲᠤ ᠲᠣᠳᠣᠷᠬᠠᠢ ᠪᠠᠶᠢᠵᠤ ᠂ ᠺᠠᠳ᠋ᠷ ᠠᠵᠢᠯᠳᠠᠨ | ᠠᠵᠢᠯᠴᠢᠨ ᠤ ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠠᠬᠤᠢ ᠪᠠᠶᠢᠳᠠᠯ᠂ ᠶᠣᠰᠣ ᠰᠤᠷᠲᠠᠬᠤᠨ ᠤ | ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠦᠲᠦᠯᠦᠨ ᠵᠢᠯᠣᠭᠤᠳᠬᠤ ᠪᠠ ᠠᠬᠢᠭᠤᠯᠵᠤ᠂ ᠪᠢᠰᠢᠷᠡᠨ | ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠨᠠᠷᠠᠨᠨᠠ᠂ ᠰᠦᠨ ᠶᠤᠸᠠᠢ᠂ ᠴᠧᠨ ᠶᠦᠩ ᠫᠢᠩ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠢᠭᠤᠶᠢᠲᠤ | ᠲᠣᠭᠤᠷᠢᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠬᠤᠷᠠᠯ ᠳᠤ ᠣᠷᠣᠯᠴᠠᠵᠤ ᠵᠢᠭᠠᠨ | ᠵᠢᠯᠤᠭᠤᠳᠪᠠ ᠃ | |