ᠠᠮᠤᠷ ᠲᠦᠪᠰᠢᠨ ᠤ ᠲᠦᠷᠦᠭᠳᠡᠯ ᠳᠦᠭᠦᠷᠡᠩ︕ ᠰᠢᠭᠤᠶᠢᠲᠤ ᠲᠣᠭᠤᠷᠢᠭ ᠠᠭᠤᠯᠠᠨ ᠦᠶᠡᠷ ᠤᠨ  ᠭᠠᠮᠰᠢᠭ ᠢ ᠰᠡᠷᠭᠡᠶᠢᠯᠡᠬᠦ ᠰᠣᠷᠢᠯᠲᠠ ᠬᠢᠪᠡ
ᠨᠡᠶᠢᠲᠡᠯᠡᠭᠰᠡᠨ ᠴᠠᠭ᠄
2025/6/25
        ︽ᠲᠣᠭᠰᠢᠨ ᠪᠣᠷᠤᠭᠠᠨ ᠤ ᠰᠡᠷᠡᠮᠵᠢ ᠶᠢᠨ ᠳᠣᠬᠢᠶ᠎ᠠ ᠣᠯᠵᠠᠢ᠂ ᠪᠦᠬᠦ ᠬᠥᠮᠦᠰ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠤᠷᠢᠳᠴᠢᠯᠠᠨ ᠮᠡᠳᠡᠭᠡᠯᠡᠵᠦ ᠷᠠᠳᠢᠣ᠋ ᠨᠡᠪᠲᠡᠷᠡᠭᠦᠯᠭᠡ ᠬᠢᠬᠦ ᠵᠢᠴᠢ ᠠᠮᠤᠷ ᠲᠦᠪᠰᠢᠨ ᠢᠶᠠᠷ ᠰᠢᠯᠵᠢᠭᠦᠯᠬᠦ ᠪᠡᠯᠡᠳᠬᠡᠯ  ᠲᠠᠢ ᠪᠠᠶᠢᠭᠠᠷᠠᠢ ᠁︾        ᠣᠶᠢᠷ᠎ᠠ ᠳᠤ᠂ ᠰᠢᠭᠤᠶᠢᠲᠤ ᠲᠣᠭᠤᠷᠢᠭ ᠤᠨ 2025 ᠣᠨ ᠤ ᠠᠭᠤᠯᠠᠨ ᠦᠶᠡᠷ ᠤᠨ ᠭᠠᠮᠰᠢᠭ ᠤᠨ ᠰᠡᠷᠭᠡᠶᠢᠯᠡᠯᠲᠡ ᠶᠢᠨ ᠰᠣᠷᠢᠯᠲᠠ ᠰᠢᠭᠤᠶᠢᠲᠤ ᠲᠣᠭᠤᠷᠢᠭ ᠤᠨ ᠪᠡᠳᠬᠡᠷ ᠰᠦᠮ᠎ᠡ ᠪᠠᠯᠭᠠᠰᠤᠨ ᠤ ᠴᠢᠩ ᠱᠠᠨ ᠲᠣᠰᠬᠤᠨ ᠳᠤ ᠶᠠᠪᠤᠭᠳᠠᠪᠠ᠃ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ ᠪᠣᠯᠤᠨ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠩᠨᠡᠭᠡᠨ ᠤ ᠪᠠᠴᠢᠮ ᠪᠠᠶᠢᠳᠠᠯ ᠢ ᠠᠷᠭᠠᠴᠠᠭᠠᠬᠤ  ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠺᠠᠳ᠋ᠷ ᠤᠯᠠᠨ ᠲᠦᠮᠡᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ᠂ ᠠᠭᠤᠯᠠᠨ ᠦᠶᠡᠷ ᠤᠨ ᠭᠠᠮᠰᠢᠭ ᠲᠤᠯᠭᠠᠷᠠᠬᠤ ᠦᠶ᠎ᠡ ᠶᠢᠨ ᠥᠪᠡᠷ ᠢ ᠪᠠᠨ ᠠᠪᠤᠷᠠᠬᠤ ᠴᠢᠳᠠᠪᠤᠷᠢ ᠪᠣᠯᠤᠨ ᠠᠮᠢ ᠵᠢᠭᠤᠲᠠᠬᠤ ᠴᠢᠳᠠᠪᠤᠷᠢ ᠶᠢ ᠳᠡᠭᠡᠭᠰᠢᠯᠡᠭᠦᠯᠪᠡ  ᠃        ᠵᠢᠯᠤᠭᠤᠳᠤᠭᠴᠢ ᠶᠢᠨ ᠵᠠᠷᠯᠢᠭ ᠪᠠᠭᠤᠬᠤ ᠶᠢ ᠳᠠᠭᠠᠯᠳᠤᠨ᠂ ᠰᠣᠷᠢᠯᠲᠠ ᠵᠢᠩᠬᠢᠨᠢ ᠪᠠᠷ ᠡᠬᠢᠯᠡᠪᠡ᠃
图片12.png
        ᠡᠯ᠎ᠡ ᠳᠤᠭᠤᠶᠢᠯᠠᠩ ᠤᠨ ᠭᠡᠰᠢᠭᠦᠨ ᠡᠮᠬᠢ ᠳᠠᠷᠠᠭ᠎ᠠ ᠲᠠᠢ ᠴᠤᠭᠯᠠᠷᠠᠪᠠ᠃ ᠴᠠᠭ ᠠᠭᠤᠷ ᠤᠨ ᠮᠡᠳᠡᠭᠡ ᠵᠠᠩᠭᠢ ᠶᠢᠨ ᠳᠤᠭᠤᠶᠢᠯᠠᠩ ᠬᠤᠶᠠᠷ ᠵᠠᠮ ᠬᠤᠪᠢᠶᠠᠵᠤ᠂ ᠷᠠᠳᠢᠣ᠋ ᠨᠡᠪᠲᠡᠷᠡᠭᠦᠯᠭᠡ ᠨᠡᠶᠢᠲᠡᠯᠡᠬᠦ᠂ ᠭᠠᠷ ᠰᠠᠵᠢᠯᠠᠭᠤᠯᠬᠤ ᠲᠦᠭᠰᠢᠭᠦᠷᠢ ᠮᠡᠳᠡᠭᠡᠯᠡᠬᠦ ᠮᠠᠰᠢᠨ ᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠰᠢᠷᠦᠭᠦᠨ ᠪᠣᠷᠣᠭᠠᠨ ᠣᠷᠣᠬᠤ ᠶᠢ ᠰᠠᠨᠠᠭᠤᠯᠵᠤ᠂ ᠠᠮᠤᠷ ᠲᠦᠪᠰᠢᠨ ᠢᠶᠠᠷ ᠰᠢᠯᠵᠢᠭᠦᠯᠬᠦ ᠪᠡᠯᠡᠳᠬᠡᠯ ᠢ ᠰᠠᠶᠢᠲᠤᠷ ᠬᠢᠬᠦ ᠶᠢ ᠰᠠᠨᠠᠭᠤᠯᠪᠠ᠃ ᠬᠠᠯᠠᠭᠤᠨ ᠰᠡᠳᠭᠢᠯᠲᠦ ᠣᠯᠠᠨ ᠲᠦᠮᠡᠨ ᠭᠠᠤᠯᠢᠨ ᠬᠠᠷᠠᠩᠭ᠎ᠠ ᠴᠣᠬᠢᠵᠤ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ  ᠬᠠᠪᠰᠤᠷᠤᠨ ᠰᠠᠨᠠᠭᠤᠯᠪᠠ ᠃ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠵᠣᠬᠢᠶᠠᠨ ᠪᠠᠶᠢᠭᠤᠯᠤᠯᠲᠠ ᠲᠦᠷᠭᠡᠨ ᠣᠷᠣᠨ ᠪᠠᠶᠢᠷᠢ ᠳᠠᠭᠠᠨ ᠬᠦᠷᠴᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠠᠵᠢᠯ ᠢ ᠥᠷᠨᠢᠭᠦᠯᠦᠨ᠂ ᠲᠤᠬᠠᠶ ᠶᠢᠨ ᠲᠠᠯᠠᠪᠠᠶ ᠳᠤ ᠡᠯᠡᠰᠦ ᠤᠭᠤᠲᠠ ᠪᠠᠷ ᠳᠠᠯᠠᠩ ᠬᠠᠰᠢᠯᠭ᠎ᠠ ᠶᠢ ᠪᠠᠬᠢᠵᠢᠭᠦᠯᠦᠭᠰᠡᠨ ᠪᠥᠭᠡᠳ ᠴᠠᠭ ᠲᠤᠬᠠᠶ ᠳᠤᠨᠢ ᠡᠳ᠋ ᠪᠣᠳᠠᠰ ᠤᠨ ᠲᠤᠰᠠᠯᠠᠮᠵᠢ ᠬᠢᠭᠰᠡᠨ ᠪᠠᠶᠢᠨ᠎ᠠ᠃ ᠡᠮᠬᠢ ᠳᠢᠭᠯᠢᠮ ᠢ ᠬᠠᠮᠠᠭᠠᠯᠠᠬᠤ ᠳᠤᠭᠤᠶᠢᠯᠠᠩ ᠠᠴᠠ ᠬᠥᠮᠦᠨ ᠤ ᠲᠤᠭ᠎ᠠ ᠶᠢ ᠪᠦᠷᠢᠳᠬᠡᠭᠰᠡᠨ ᠤ ᠳᠠᠷᠠᠭ᠎ᠠ᠂ ᠰᠢᠯᠵᠢᠭᠦᠯᠦᠨ ᠲᠥᠪᠬᠢᠨᠡᠭᠦᠯᠬᠦ ᠳᠤᠭᠤᠶᠢᠯᠠᠩ ᠲᠤᠬᠠᠶ ᠶᠢᠨ ᠭᠠᠵᠠᠷ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ ᠤᠷᠢᠳᠴᠢᠯᠠᠨ ᠲᠣᠭᠲᠠᠭᠠᠭᠰᠠᠨ ᠠᠮᠤᠷ ᠲᠦᠪᠰᠢᠨ ᠤ ᠱᠤᠭᠤᠮ ᠢᠶᠠᠷ ᠰᠢᠯᠵᠢᠭᠦᠯᠪᠡ ᠃ ᠴᠢᠩ ᠱᠠᠨ ᠲᠣᠰᠬᠤᠨ ᠤ ᠡᠯ᠎ᠡ ᠭᠠᠵᠠᠷ ᠲᠤ ᠦᠶᠡᠷ ᠢ ᠰᠡᠷᠭᠡᠶᠢᠯᠡᠬᠦ ᠰᠡᠷᠡᠮᠵᠢ ᠶᠢᠨ ᠫᠠᠶᠢᠰᠠ ᠵᠢᠴᠢ ᠰᠢᠯᠵᠢᠭᠦᠯᠬᠦ ᠵᠠᠮ ᠤᠨ ᠲᠡᠮᠳᠡᠭ ᠦᠷᠭᠦᠯᠵᠢ ᠬᠠᠷᠠᠭᠳᠠᠨ᠎ᠠ ᠃
图片13.png
        ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠷᠢᠯᠲᠠ ᠨᠢ ᠰᠢᠭᠤᠶᠢᠲᠤ ᠲᠣᠭᠤᠷᠢᠭ ᠤᠨ ᠯᠢᠦ ᠪᠦᠦ ᠶᠣᠣ ᠽᠢ ᠭᠧᠦ ᠶᠢᠨ ᠴᠢᠩ ᠱᠠᠨ ᠲᠣᠰᠬᠤᠨ ᠤ ᠣᠶᠢᠷ᠎ᠠ ᠬᠠᠪᠢ ᠳᠤ ᠨᠡᠶᠢᠳᠡᠮ ᠰᠢᠷᠦᠭᠦᠨ ᠪᠣᠷᠣᠭᠠᠨ ᠣᠷᠣᠵᠤ᠂ 3 ᠴᠠᠭ ᠤᠨ ᠪᠣᠷᠣᠭᠠᠨ ᠤ ᠬᠡᠮᠵᠢᠶ᠎ᠡ 65 ᠮᠢᠯᠢᠯᠢᠲᠷ ᠲᠤ ᠬᠦᠷᠴᠦ᠂ ᠯᠢᠦ ᠪᠦᠦ ᠶᠣᠣ ᠽᠢ ᠭᠧᠦ ᠶᠢᠨ ᠤᠰᠤᠨ ᠲᠦᠪᠰᠢᠨ ᠨᠢᠭᠡᠨᠲᠡ ᠰᠡᠷᠭᠡᠶᠢᠯᠡᠯᠲᠡ ᠶᠢᠨ ᠤᠰᠤᠨ ᠲᠦᠪᠰᠢᠨ ᠠᠴᠠ ᠳᠠᠪᠠᠭᠰᠠᠨ ᠢᠶᠠᠷ ᠠᠬᠤᠢ ᠪᠠᠶᠢᠳᠠᠯ ᠪᠣᠯᠭᠠᠵᠠᠢ ᠃ ᠰᠢᠭᠤᠶᠢᠲᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠵᠢᠪᠬᠤᠯᠠᠩᠲᠤ ᠰᠤᠮᠤ᠂ ᠪᠠᠳᠺᠠᠷ ᠰᠦᠮ᠎ᠡ ᠪᠠᠯᠭᠠᠰᠤ᠂ ᠪᠠᠶ ᠬᠤ᠋ ᠭᠸᠦ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ ᠵᠢᠴᠢ ᠴᠢᠩ ᠱᠠᠨ ᠲᠣᠰᠬᠤᠨ ᠤ ᠡᠯ᠎ᠡ ᠲᠣᠰᠬᠤᠨ ᠳᠤᠭᠤᠶᠢᠯᠠᠩ ᠤᠨ ᠨᠡᠶᠢᠲᠡ 72 ᠬᠥᠮᠦᠨ ᠰᠣᠷᠢᠯᠲᠠ ᠳᠤ ᠣᠷᠣᠯᠴᠠᠪᠠ᠃
图片14.png
        ︽ᠰᠡᠷᠡᠮᠵᠢ ᠶᠢᠨ ᠳᠣᠬᠢᠶ᠎ᠠ ᠶᠢ ᠬᠦᠴᠦᠨ ᠦᠭᠡᠢ ᠪᠣᠯᠭᠠᠭᠰᠠᠨ︾ ᠷᠠᠳᠢᠣ᠋ ᠨᠡᠪᠲᠡᠷᠡᠭᠦᠯᠭᠡ ᠶᠢᠨ ᠳᠠᠭᠤᠨ ᠳᠤ ᠰᠣᠷᠢᠯᠲᠠ ᠥᠨᠳᠥᠷᠯᠡᠪᠡ᠃ ᠲᠣᠰ ᠤᠳᠠᠭᠠᠨ ᠤ ᠰᠣᠷᠢᠯᠲᠠ ᠳᠤ ᠣᠷᠣᠯᠴᠠᠭᠰᠠᠨ ᠪᠥᠬᠦ ᠬᠥᠮᠦᠰ ᠢᠮᠠᠭᠲᠠ ᠯᠠᠪᠳᠠᠭᠤᠨ ᠲᠣᠭᠲᠠᠭᠤᠨ ᠡᠮᠬᠢ ᠵᠢᠷᠤᠮ ᠲᠠᠢ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠠᠶᠤᠯ ᠲᠦᠭᠰᠢᠭᠦᠷᠢ ᠠᠴᠠ ᠠᠶᠤᠬᠤ ᠥᠬᠡᠶ᠂ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ ᠢ ᠢᠯᠡᠷᠡᠭᠦᠯᠵᠦ᠂ ᠰᠢᠭᠤᠶᠢᠲᠤ ᠲᠣᠭᠤᠷᠢᠭ ᠤᠨ ᠡᠨᠡ ᠵᠢᠯ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠬᠦ ᠳᠤ ᠢᠳᠡᠪᠬᠢᠲᠡᠶ ᠦᠢᠯᠡᠳᠦᠯ ᠦᠵᠡᠭᠦᠯᠵᠡᠶ᠃
图片15.png
        ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠪᠣᠯ ᠡᠯ᠎ᠡ ᠵᠦᠢᠯ ᠤᠨ ᠠᠶᠤᠯ ᠲᠦᠭᠰᠢᠭᠦᠷᠢ ᠶᠢ ᠢᠯᠠᠨ ᠳᠠᠪᠠᠭ᠋ᠤ ᠪᠣᠳᠠᠲᠠᠶ ᠪᠡᠯᠡᠳᠬᠡᠯ ᠠᠷᠭ᠎ᠠ ᠬᠡᠮᠵᠢᠶ᠎ᠡ ᠮᠥᠨ᠂ ᠠᠶᠤᠯ ᠲᠦᠭᠰᠢᠭᠦᠷᠢ ᠡᠭᠦᠰᠬᠦ ᠦᠶ᠎ᠡ ᠳᠤ ︽ᠲᠠᠲᠠᠵᠤ ᠳᠡᠶᠢᠯᠬᠦ᠂ ᠰᠢᠪᠲᠤᠯᠵᠤ ᠳᠡᠶᠢᠯᠬᠦ᠂ ᠪᠠᠶᠢᠯᠳᠤᠵᠤ ᠳᠡᠶᠢᠯᠬᠦ ︾ ᠶᠢ ᠦᠨᠡᠨ ᠬᠦ ᠪᠠᠲᠤᠯᠠᠪᠠ ᠃ ᠣᠶᠢᠷ᠎ᠠ ᠶᠢᠨ ᠵᠢᠯ ᠠᠴᠠ᠂ ᠰᠢᠭᠤᠶᠢᠲᠤ ᠲᠣᠭᠤᠷᠢᠭ ︽ᠡᠷᠲᠡ ᠲᠥᠯᠥᠪᠵᠢᠭᠦᠯᠬᠦ᠂ ᠡᠷᠲᠡ ᠪᠠᠶᠢᠷᠢᠯᠠᠭᠤᠯᠬᠤ᠂ ᠡᠷᠲᠡ ᠬᠥᠳᠡᠯᠦᠯᠴᠡᠬᠦ︾ ᠵᠠᠷᠴᠢᠮ ᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠰᠣᠷᠢᠯᠲᠠ ᠶᠢ ᠦᠷᠭᠦᠯᠵᠢᠯᠡᠨ ᠥᠷᠨᠢᠭᠦᠯᠵᠦ᠂ ᠭᠤᠤᠯᠳᠠᠯᠭ᠎ᠠ ᠪᠣᠯᠬᠤ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠳ᠋ ᠪᠣᠳᠠᠰ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠪᠠᠲᠤ ᠪᠠᠬᠢ ᠪᠠᠶᠢᠭᠤᠯᠪᠠ᠃        ︽ᠰᠣᠷᠢᠯᠲᠠ ᠪᠠᠷ ᠳᠠᠮᠵᠢᠨ᠂ ᠺᠠᠳ᠋ᠷ ᠤᠯᠠᠨ ᠲᠦᠮᠡᠨ ᠪᠣᠯᠤᠨ ᠡᠯ᠎ᠡ ᠰᠠᠯᠠᠭ᠎ᠠ ᠮᠥᠴᠢᠷ ᠤᠨ ᠵᠣᠬᠢᠴᠠᠭᠤᠯᠬᠤ ᠴᠢᠳᠠᠪᠤᠷᠢ ᠶᠢ ᠭᠦᠢᠴᠡᠳ ᠳᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠳᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠪᠦᠲᠦᠮᠵᠢᠲᠡᠢ ᠤᠷ᠎ᠠ ᠴᠢᠳᠠᠪᠤᠷᠢ ᠶᠢ ᠡᠵᠡᠮᠰᠢᠭᠦᠯᠪᠡ ︾ ᠭᠡᠵᠦ ᠰᠢᠭᠤᠶᠢᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠨ ᠱᠤ᠋ ᠭᠤᠸᠠᠩ ᠢᠯᠡᠷᠬᠡᠶᠢᠯᠡᠪᠡ ᠂ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠪᠣᠯᠪᠠᠰᠤᠷᠠᠯ ᠰᠣᠷᠢᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠬᠤ᠂ ᠪᠣᠳᠠᠲᠤ ᠪᠠᠶᠢᠯᠳᠤᠭᠠᠨ ᠤ  ᠰᠣᠷᠢᠯᠲᠠ ᠵᠡᠷᠭᠡ ᠠᠷᠭ᠎ᠠ ᠬᠡᠯᠪᠡᠷᠢ ᠪᠠᠷᠳᠠᠮᠵᠢᠭᠤᠯᠤᠨ᠂ ᠣᠯᠠᠨ ᠲᠦᠮᠡᠨ ᠳᠤ ᠠᠮᠢ ᠵᠢᠭᠤᠲᠠᠬᠤ ᠮᠡᠷᠭᠡᠵᠢᠯ ᠴᠢᠳᠠᠪᠤᠷᠢ ᠵᠢᠴᠢ ᠠᠷᠭ᠎ᠠ ᠶᠢ ᠥᠷᠭᠡᠨ ᠢᠶᠠᠷ ᠲᠦᠭᠡᠮᠡᠯᠵᠢᠭᠦᠯᠵᠦ᠂ ᠺᠠᠳ᠋ᠷ ᠤᠨ ᠡᠩᠨᠡᠭᠡᠨ ᠤ ᠲᠦᠷᠭᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号