ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/25
        6 ᠳ᠋ᠤᠭᠠᠷ ᠰᠠᠷ᠎ᠠ ᠶᠢᠨ 24 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠢᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢ ᠴᠢᠶᠣᠤ ᠯᠢᠨ᠂ ᠳᠡᠳ᠋ ᠡᠷᠬᠢᠯᠡᠭᠴᠢ ᠸᠠᠩ ᠷᠦᠩ᠂ ᠳ᠋ᠦ᠋ ᠲᠢᠶᠧ ᠵᠢᠶᠦ᠋ᠨ ᠵᠢᠴᠢ 27 ᠭᠡᠰᠢᠭᠦᠨ ᠬᠤᠷᠠᠯ ᠳᠤ ᠣᠷᠣᠯᠴᠠᠪᠠ᠃        ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠰᠢᠶᠦ᠋ᠩ᠂ ᠳᠡᠳ᠋ ᠲᠣᠭᠤᠷᠢᠭ ᠤᠨ ᠳᠠᠷᠤᠭ᠎ᠠ ᠶᠠᠨ ᠵᠢᠶᠠ ᠸᠧᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠸᠧᠢ ᠬᠤᠸᠠ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠰᠤᠮᠤ ᠵᠡᠭᠡᠯᠢ ᠭᠤᠳᠤᠮᠵᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠠᠴᠢᠨ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠭᠤᠶᠢᠲᠤ ᠲᠣᠭᠤᠷᠢᠭ ᠤᠨ ᠰᠣᠮᠣ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠳᠠᠩᠰᠠ ︵ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ︶ ᠶᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠠᠵᠢᠯ ᠤᠨ ᠮᠡᠳᠡᠭᠦᠯᠦᠯᠲᠡ᠂ ᠰᠢᠭᠤᠶᠢᠲᠤ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃        ᠬᠤᠷᠠᠯ ᠠᠴᠠ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠵᠢ ᠪᠥᠷᠢᠳᠦᠭᠦᠯᠦᠨ ᠵᠣᠯᠭᠠᠭᠤᠯᠬᠤ ᠶᠢ ᠰᠠᠶᠢᠲᠤᠷ ᠬᠢᠵᠦ᠂ ᠴᠢᠳᠠᠪᠤᠷᠢ ᠣᠯᠭᠤᠵᠤ ᠳᠠᠷᠤᠭᠠᠰᠤ ᠶᠢ ᠬᠥᠩᠭᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号