ᠬᠠᠮᠲᠤ ᠬᠡᠭᠡᠷ᠎ᠡ ᠪᠠᠭᠤᠳᠠᠯᠯᠠᠬᠤ | ᠬᠤᠲᠠ ᠶᠢᠨ ᠦᠢᠮᠡᠭᠡᠨ ᠳᠡᠪᠵᠢᠶᠡᠨ ᠪᠣᠯᠤᠨᠠᠶᠢᠵᠠᠮ ᠴᠣᠬᠢᠯᠠᠭᠠ ᠠᠴᠠ ᠬᠠᠯᠠᠰᠢᠷᠠᠵᠠᠢ᠂ ᠪᠣᠯᠣᠳ | ᠰᠢᠷᠪᠦᠰᠦᠨ ᠱᠦᠢᠨᠢ ᠠᠴᠠ ᠳᠤᠲᠠᠭᠠᠨ ᠭᠠᠷᠴᠤ᠂ ᠡᠬᠡ ᠪᠠᠶᠢᠭᠠᠯᠢ ᠲᠠᠢ ᠨᠢᠭᠡ ᠲᠠᠯᠠᠪᠤᠷ ᠷᠣᠮᠠᠨᠲ᠋ᠢᠭ ᠪᠣᠯᠵᠤᠭ᠎ᠠ ᠬᠢᠶ᠎ᠡ | ~ | ᠰᠢᠭᠤᠶᠢᠲᠤ ᠂ ᠡᠨᠡ ᠬᠦ ᠪᠠᠶᠢᠭᠠᠯᠢ ᠶᠢᠨ ᠬᠡᠭᠡᠷ᠎ᠡ ᠶᠢᠨ ᠰᠣᠨᠢᠷᠬᠠᠯ ᠪᠠ ᠬᠥᠮᠦᠨ ᠨᠡᠶᠢᠭᠡᠮ ᠤᠨ ᠵᠠᠩ | ᠦᠢᠯᠡ ᠪᠠᠷ ᠪᠢᠯᠬᠠᠭᠰᠠᠨ ᠵᠢᠵᠢᠭ ᠬᠤᠲᠠ᠂ ᠣᠯᠠᠨ ᠬᠡᠭᠡᠷ᠎ᠡ ᠪᠠᠭᠤᠳᠠᠯᠯᠠᠬᠤ ᠭᠠᠵᠠᠷ ᠬᠠᠳᠠᠭᠠᠯᠠᠭᠳᠠᠵᠤ ᠪᠤᠢ ᠃ | ᠨᠣᠭᠤᠭᠠᠨ ᠬᠡᠭᠡᠷ᠎ᠡ ᠣᠢ ᠰᠢᠭᠤᠢ ᠳᠤ ᠪᠠᠶᠢᠭᠠᠯᠢ ᠶᠢᠨ ᠠᠮᠢᠰᠬᠤᠯ ᠢ ᠣᠶᠢᠯᠠᠭᠠᠬᠤ ᠪᠠ ᠣᠳᠣᠨ ᠣᠭᠲᠠᠷᠭᠤᠢ ᠶᠢᠨ | ᠳᠣᠣᠷ᠎ᠠ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠵᠤᠤᠬ᠎ᠠ ᠪᠦᠰᠡᠯᠡᠬᠦ ᠰᠠᠭᠤᠬᠤ᠂ ᠡᠰᠡᠬᠦᠯ᠎ᠡ ᠨᠢᠭᠡ | ᠤᠳᠠᠭᠠᠨ ᠤ ᠰᠡᠲᠡᠯᠲᠡ ᠲᠠᠢ ᠠᠭᠤᠯᠠᠨ ᠭᠠᠵᠠᠷ ᠤᠨ ᠬᠡᠭᠡᠷ᠎ᠡ ᠶᠢᠨ ᠠᠶᠠᠯᠠᠯ ᠬᠢᠬᠦ ᠶᠤᠮ ᠦᠦ ᠂ ᠰᠢᠭᠤᠶᠢᠲᠤ ᠴᠢᠨᠦ | ᠬᠡᠭᠡᠷ᠎ᠡ ᠪᠠᠭᠤᠳᠠᠯᠯᠠᠬᠤ ᠪᠦᠬᠦ ᠬᠦᠰᠡᠯ ᠢ ᠬᠠᠩᠭᠠᠵᠤ ᠴᠢᠳᠠᠨ᠎ᠠ᠃ ᠳᠣᠣᠷᠠᠬᠢ ᠡᠨᠡ ᠬᠦ ᠰᠢᠭᠤᠶᠢᠲᠤ ᠶᠢᠨ ᠬᠡᠭᠡᠷ᠎ᠡ | ᠪᠠᠭᠤᠳᠠᠯᠯᠠᠬᠤ ᠳᠠᠭᠠᠷᠢᠯᠲᠠ ᠶᠢᠨ ᠠᠷᠭ᠎ᠠ ᠪᠣᠳᠣᠯᠭ᠎ᠠ ᠨᠢ ᠴᠢᠮ᠎ᠠ ᠶᠢ ᠳᠠᠭᠠᠭᠤᠯᠤᠨ ᠡᠳᠦᠷ ᠠᠴᠠ ᠣᠷᠣᠢ ᠪᠣᠯᠲᠠᠯᠠᠬᠢ | ᠣᠨᠳᠤᠤ ᠶᠠᠩᠵᠤ ᠶᠢᠨ ᠬᠡᠭᠡᠷ᠎ᠡ ᠪᠠᠭᠤᠳᠠᠯᠯᠠᠬᠤ ᠠᠶᠠᠯᠠᠯ ᠡᠬᠢᠯᠡᠭᠦᠯᠦᠨ᠎ᠡ ~ | 1. ᠬᠦᠬᠡᠮᠳᠦᠭ ᠨᠤᠭᠤᠭᠠᠨ ᠤᠢ ᠰᠢᠭᠤᠢ ᠶᠢᠨ ᠬᠡᠭᠡᠷ᠎ᠡ ᠪᠠᠭᠤᠳᠠᠯᠯᠠᠬᠤ ᠭᠠᠵᠠᠷ ᠄ ᠵᠡᠭᠦᠳᠦ ᠵᠡᠷᠭᠡᠯᠭᠡᠨᠲᠦ ᠣᠢ | ᠰᠢᠭᠤᠢ ᠳᠠᠬᠢ ᠬᠡᠭᠡᠷ᠎ᠡ ᠶᠢᠨ ᠰᠣᠨᠢᠷᠬᠠᠯᠲᠤ ᠴᠤᠭᠯᠠᠭᠠᠨ | | ᠬᠦᠬᠡᠮᠳᠦᠭ ᠨᠤᠭᠤᠭᠠᠨ ᠤᠢ ᠰᠢᠭᠤᠢ ᠶᠢᠨ ᠬᠡᠭᠡᠷ᠎ᠡ ᠪᠠᠭᠤᠳᠠᠯᠯᠠᠬᠤ ᠭᠠᠵᠠᠷ ᠨᠢ ᠶᠠᠭ ᠯᠠ ᠨᠢᠭᠡ ᠬᠡᠰᠡᠭ | ᠡᠷᠲᠡᠨ ᠤ ᠠᠷᠰᠢ ᠶᠢᠨ ᠣᠷᠣᠨ ᠰᠢᠭ᠋ ᠪᠠᠶᠢᠵᠤ ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠳᠺᠠᠷ | ᠰᠦᠮ᠎ᠡ ᠪᠠᠯᠭᠠᠰᠤᠨ ᠤ ᠭᠠᠩ ᠹᠠᠩ ᠳ᠋ᠢ ᠲᠤᠰᠬᠤᠨ ᠳᠤ ᠪᠠᠶᠢᠷᠢᠯᠠᠵᠤ ᠂ ᠳᠣᠲᠣᠷ᠎ᠠ ᠨᠢ 20 ᠮᠠᠶᠢᠬᠠᠨ ᠂ 1 ᠤᠰᠤᠨ | ᠰᠢᠰᠲ᠋ᠧᠮ᠂ ᠪᠢᠴᠢᠯ ᠦᠵᠡᠮᠵᠢ 25 ᠭᠠᠵᠠᠷ ᠪᠤᠢ ᠃ ᠡᠷᠭᠢᠨ ᠲᠣᠭᠤᠷᠢᠨ ᠳᠤ ᠨᠢ ᠠᠭᠤᠯᠠ ᠬᠦᠷᠢᠶᠡᠯᠡᠨ᠂ ᠤᠷᠭᠤᠭ᠎ᠠ | ᠮᠣᠳᠣ ᠨᠣᠭᠤᠭᠠᠷᠠᠵᠤ᠂ ᠶᠠᠭ ᠯᠠ ᠡᠬᠡ ᠪᠠᠶᠢᠭᠠᠯᠢ ᠨᠠᠷᠢᠨ ᠨᠢᠮᠪᠠᠢ ᠰᠡᠶᠢᠯᠦᠭᠰᠡᠨ ᠬᠦᠰᠡᠯᠡᠩ ᠤᠨ ᠳ᠋ᠧᠪᠠᠵᠠᠨ ᠮᠡᠲᠦ ᠃ | ᠪᠠᠭᠤᠳᠠᠯᠯᠠᠬᠤ ᠭᠠᠵᠠᠷ ᠠᠯᠬᠤᠨ ᠣᠷᠣᠪᠠᠯ ᠂ ᠥᠭᠡᠷ᠎ᠡ ᠨᠢᠭᠡ ᠶᠢᠷᠲᠢᠨᠴᠦ ᠳᠤ ᠢᠷᠡᠵᠦ ᠂ ᠲᠣᠭᠤᠰᠤᠲᠤ ᠶᠢᠷᠲᠢᠨᠴᠦ ᠶᠢᠨ | ᠦᠢᠮᠡᠭᠡᠨ ᠱᠣᠣᠭᠢᠶᠠᠨ ᠠᠴᠠ ᠰᠠᠯᠤᠭᠰᠠᠨ ᠮᠡᠲᠦ ᠶᠤᠮ ᠃ | ᠭᠡᠷ ᠤᠨ ᠭᠠᠳᠠᠨᠠᠬᠢ ᠬᠦᠳᠡᠯᠭᠡᠭᠡᠨ ᠳᠤ ᠳᠤᠷᠠᠲᠠᠢ ᠨᠠᠶᠢᠵᠠ ᠨᠠᠷ ᠲᠤ ᠠᠪᠴᠤ ᠬᠡᠯᠡᠪᠡᠯ᠂ ᠠᠳᠡ ᠶᠣᠰᠣᠲᠠᠢ | ᠯᠡ ᠲᠡᠭᠷᠢ ᠶᠢᠨ ᠣᠷᠳᠣᠨ᠃ ᠲᠠ ᠬᠡᠭᠡᠷ᠎ᠡ ᠭᠠᠳᠠᠨ᠎ᠠ ᠬᠡᠭᠡᠷ᠎ᠡ ᠪᠠᠭᠤᠳᠠᠯᠯᠠᠬᠤ᠂ ᠰᠢᠷᠠᠬᠤ ᠳᠤ ᠣᠷᠣᠯᠴᠠᠵᠤ᠂ ᠤᠲᠤᠭ᠎ᠠ | ᠠᠭᠤᠷ ᠠᠮᠢᠰᠬᠤᠯ ᠳᠤᠮᠳᠠ ᠠᠮᠢᠳᠤᠷᠠᠯ ᠤᠨ ᠰᠠᠶᠢᠨ ᠰᠠᠶᠢᠬᠠᠨ ᠢ ᠮᠡᠳᠡᠷᠡᠵᠦ ᠪᠣᠯᠤᠨ᠎ᠠ ︔ ᠪᠠᠰᠠ ᠲᠣᠮᠣ ᠬᠡᠯᠪᠡᠷᠢ ᠶᠢᠨ | ᠵᠤᠤᠬ᠎ᠠ ᠬᠦᠷᠢᠶᠡᠯᠡᠨ ᠰᠠᠭᠤᠵᠤ ᠴᠠᠢ ᠴᠢᠨᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠠᠮᠲᠤ ᠰᠠᠭᠤᠵᠤ᠂ | ᠴᠠᠢ ᠤᠤᠭᠤᠵᠤ ᠵᠣᠭᠤᠭᠳᠠᠵᠤ᠂ ᠰᠤᠯᠠ ᠰᠡᠯᠡᠭᠦᠦ ᠴᠠᠭ ᠢ ᠡᠳ᠋ᠯᠡᠵᠦ ᠪᠣᠯᠤᠨ᠎ᠠ︔ ᠪᠠᠰᠠ ᠵᠢᠭᠠᠰᠤ ᠭᠥᠬᠢᠳᠡᠬᠦ᠂ ᠨᠤᠭᠤ | ᠭᠠᠵᠠᠷ ᠤᠨ ᠰᠡᠯᠢᠭᠦᠷ ᠣᠩᠭᠤᠴᠠ ᠶᠢᠨ ᠬᠠᠪᠤ ᠴᠡᠩᠭᠡᠯ ᠢ ᠮᠡᠳᠡᠷᠡᠵᠦ᠂ ᠤᠰᠤᠨ ᠳᠡᠭᠡᠷᠡᠬᠢ ᠬᠥᠳᠡᠯᠭᠡᠭᠡᠨ ᠤ ᠰᠡᠳᠦᠯᠲᠡ | ᠪᠠ ᠰᠠᠭᠠᠳ ᠦᠭᠡᠢ ᠪᠠᠶᠢᠳᠠᠯ ᠢ ᠣᠶᠢᠯᠠᠭᠠᠵᠤ ᠪᠣᠯᠤᠨ᠎ᠠ᠃ ᠡᠴᠢᠭᠡ ᠡᠬᠡ ᠦᠷ᠎ᠡ ᠬᠡᠦᠬᠡᠳ ᠤᠨ ᠭᠡᠷ ᠪᠦᠯᠢ ᠪᠠᠰᠠ | ᠠᠳᠡ ᠥᠪᠡᠷ ᠤᠨ ᠪᠠᠶᠠᠷ ᠪᠠᠭ᠋ᠠᠳᠤᠯ ᠢᠶᠠᠨ ᠣᠯᠵᠤ ᠪᠣᠯᠤᠨ᠎ᠠ ᠂ ᠡᠴᠢᠭᠡ ᠡᠬᠡ ᠦᠷ᠎ᠡ ᠬᠡᠦᠬᠡᠳ ᠤᠨ ᠵᠢᠶᠠ ᠨᠢᠶᠠᠨ | ᠬᠤᠸᠠ᠂ ᠲᠦᠳᠡᠭ ᠭᠠᠯ ᠤᠨ ᠦᠳᠡᠰᠢᠯᠡᠭᠡ ᠂ ᠭᠡᠷ ᠤᠨ ᠭᠠᠳᠠᠨᠠᠬᠢ KTV᠂ ᠨᠢᠰᠬᠦ ᠲᠠᠪᠠᠭ᠂ ᠬᠡᠭᠡᠷᠡᠯᠡᠬᠦ ᠡᠯᠡᠰᠦᠨ | ᠳᠠᠩ ᠤᠨ ᠮᠣᠲ᠋ᠣᠷ ᠵᠡᠷᠭᠡ ᠡᠯ᠎ᠡ ᠲᠥᠷᠥᠯ ᠤᠨ ᠰᠡᠯᠡᠭᠦᠴᠡᠯ ᠤᠨ ᠠᠵᠢᠯᠯᠠᠭ᠎ᠠ᠂ ᠬᠡᠦᠬᠡᠳ ᠤᠳ ᠤᠨ ᠲᠥᠷᠥᠯᠬᠢ | ᠴᠢᠨᠠᠷ ᠢ ᠨᠢ ᠭᠦᠢᠴᠡᠳ ᠪᠠᠳᠠᠷᠠᠭᠤᠯᠵᠤ᠂ ᠡᠬᠡ ᠪᠠᠢᠭᠠᠯᠢ ᠶᠢᠨ ᠬᠠᠶᠢᠷ᠎ᠠ ᠬᠠᠯᠠᠮᠵᠢ ᠶᠢ ᠡᠳ᠋ᠯᠡᠭᠦᠯᠦᠨ᠎ᠡ᠃ | | | | ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠳᠺᠠᠷ ᠰᠦᠮ᠎ᠡ ᠪᠠᠯᠭᠠᠰᠤᠨ ᠤ ᠭᠠᠩ | ᠹᠠᠩ ᠳ᠋ᠢ ᠲᠣᠰᠬᠤᠨ ︵ ᠬᠦᠬᠡᠮᠳᠦᠭ ᠨᠤᠭᠤᠭᠠᠨ ᠤᠢ ᠰᠢᠭᠤᠢ ᠶᠢᠨ ᠬᠡᠭᠡᠷ᠎ᠡ ᠪᠠᠭᠤᠳᠠᠯᠯᠠᠬᠤ ᠭᠠᠵᠠᠷ ᠄ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠳᠠᠯᠠᠨ ᠬᠠᠷ᠎ᠠ | ᠠᠭᠤᠯᠠ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ ᠠᠴᠠ ᠬᠤᠶᠢᠰᠢ 2600 ᠮᠧᠲᠷ︶ | ᠬᠠᠷᠢᠯᠴᠠᠬᠤ ᠤᠲᠠᠰᠤ᠄ 13904722240 | | 2. ᠮᠦ ᠰᠢᠩ ᠪᠠᠭ᠎ᠠ ᠬᠦᠷᠢᠶᠡᠯᠡᠩ ᠬᠡᠬᠡᠷ᠎ᠠ ᠪᠠᠭᠤᠳᠠᠯᠯᠠᠬᠤ ᠭᠠᠵᠠᠷ ᠄ ᠨᠠᠮ ᠵᠢᠮ ᠴᠠᠭ ᠮᠦᠴᠡ ᠶᠢᠨ | ᠰᠠᠳᠭᠢᠯ ᠰᠠᠨᠠᠭᠠᠨ ᠤ ᠣᠷᠣᠰᠢᠯ ᠭᠠᠵᠠᠷ | | ᠬᠡᠷᠪᠡ ᠲᠠ ᠶᠠᠭᠠᠷᠠᠤ ᠠᠮᠢᠳᠤᠷᠠᠯ ᠳᠤᠮᠳᠠ ᠪᠠᠨ ᠨᠠᠮ ᠰᠡᠯᠡᠭᠦᠨ ᠥᠨᠴᠥᠭ ᠪᠤᠯᠤᠩ ᠡᠷᠢᠵᠦ᠂ ᠰᠡᠳᠭᠢᠯ | ᠰᠠᠨᠠᠭ᠎ᠠ ᠪᠠᠨ ᠰᠡᠯᠡᠭᠦᠴᠡᠬᠦ ᠭᠡᠪᠡᠯ ᠮᠦ ᠰᠢᠩ ᠪᠠᠭ᠎ᠠ ᠬᠦᠷᠢᠶᠡᠯᠡᠩ ᠬᠡᠬᠡᠷ᠎ᠠ ᠪᠠᠭᠤᠳᠠᠯᠯᠠᠬᠤ ᠭᠠᠵᠠᠷ ᠯᠠᠪᠲᠠᠢ ᠲᠠᠨ ᠤ | ᠬᠤᠶᠠᠷᠳᠠᠮᠠᠯ ᠪᠤᠰᠤ ᠰᠣᠩᠭᠤᠯᠲᠠ ᠪᠣᠯᠤᠨ᠎ᠠ᠃ ᠲᠡᠷᠡ ᠨᠢ ᠰᠢᠭᠤᠶᠢᠲᠤ ᠰᠢᠨ᠎ᠡ ᠲᠣᠭᠤᠷᠢᠭ ᠤᠨ ᠨᠢᠭᠡᠨ ᠨᠠᠮ ᠵᠢᠮ | ᠭᠠᠵᠠᠷ ᠲᠤ ᠪᠠᠶᠢᠷᠢᠯᠠᠵᠤ ᠂ ᠬᠤᠲᠠ ᠶᠢᠨ ᠲᠣᠭᠤᠷᠢᠭ ᠠᠴᠠ ᠬᠠᠭᠠᠰᠬᠠᠨ ᠴᠠᠭ ᠤᠨ ᠵᠠᠶᠢᠲᠠᠶ ᠪᠠᠶᠢᠵᠤ᠂ ᠵᠠᠮ | ᠬᠠᠷᠢᠯᠴᠠᠭ᠎ᠠ ᠲᠦᠢᠯ ᠤᠨ ᠳᠥᠭᠦᠮ᠃ | ᠮᠦ ᠰᠢᠩ ᠪᠠᠭ᠎ᠠ ᠬᠦᠷᠢᠶᠡᠯᠡᠩ ᠤᠨ ᠲᠠᠯᠠᠪᠠᠢ ᠨᠢ 12000 ᠲᠡᠭᠰᠢ ᠳᠥᠷᠪᠡᠯᠵᠢᠨ ᠮᠧᠲᠷ ᠲᠤ ᠬᠦᠷᠴᠦ᠂ | ᠣᠷᠣᠨ ᠵᠠᠶ ᠥᠷᠭᠡᠨ ᠠᠭᠤᠳᠠᠮ᠂ ᠵᠡᠷᠭᠡ ᠪᠠᠷ 600 ᠬᠥᠮᠦᠨ ᠢ ᠪᠠᠭᠲᠠᠭᠠᠵᠤ ᠪᠣᠯᠤᠨ᠎ᠠ᠃ ᠠᠳᠡ ᠬᠡᠭᠡᠷ᠎ᠡ | ᠪᠠᠭᠤᠳᠠᠯᠯᠠᠬᠤ ᠳᠤ ᠲᠣᠬᠢᠷᠠᠬᠤ ᠲᠠᠯᠠᠪᠤᠷ ᠪᠠᠶᠢᠬᠤ ᠪᠠᠷ ᠪᠠᠷᠠᠬᠤ ᠥᠬᠡᠶ᠂ ᠪᠠᠰᠠ ᠢᠵᠢ ᠪᠥᠷᠢᠳᠦᠭᠰᠡᠨ ᠠᠷᠠᠳ ᠤᠨ | ᠣᠷᠣᠨ ᠰᠠᠭᠤᠴᠠ ᠪᠠᠶᠢᠵᠤ᠂ ᠵᠤᠭᠠᠴᠠᠭᠰᠠᠳ ᠲᠤ ᠣᠯᠠᠨ ᠶᠠᠩᠵᠤ ᠶᠢᠨ ᠬᠤᠨᠤᠭ ᠤᠨ ᠰᠣᠩᠭᠤᠯᠲᠠ ᠬᠠᠩᠭᠠᠭᠰᠠᠨ | ᠪᠠᠶᠢᠨ᠎ᠠ᠃ ᠺᠣᠮᠫᠠᠨᠢ ᠶᠢᠨ ᠪᠦᠯᠬᠦᠮ ᠪᠠᠶᠢᠭᠤᠯᠬᠤ ᠠᠵᠢᠯᠯᠠᠭ᠎ᠠ᠂ ᠭᠡᠷ ᠪᠦᠯᠢ ᠶᠢᠨ ᠴᠤᠭᠯᠠᠭᠠᠨ᠂ ᠰᠤᠳᠤᠯᠤᠨ | ᠰᠤᠷᠤᠯᠴᠠᠬᠤ ᠠᠵᠢᠯᠯᠠᠭ᠎ᠠ᠂ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠡᠰᠡᠬᠦᠯ᠎ᠡ ᠰᠠᠷᠯᠦ᠋ᠩ ᠤᠨ ᠭᠤᠣᠯ | ᠰᠡᠳᠦᠪᠲᠦ ᠠᠵᠢᠯᠯᠠᠭ᠎ᠠ ᠭᠡᠰᠡᠨ ᠦᠭᠡᠢ᠂ ᠮᠦ ᠰᠢᠩ ᠪᠠᠭ᠎ᠠ ᠬᠦᠷᠢᠶᠡᠯᠡᠩ ᠴᠥᠮ ᠲᠡᠭᠦᠰ ᠰᠠᠶᠢᠬᠠᠨ ᠡᠭᠦᠷᠭᠡᠯᠡᠵᠦ | ᠳᠡᠶᠢᠯᠦᠨ᠎ᠡ ᠃ | ᠠᠳᠡ ᠲᠠ ᠮᠠᠶᠢᠬᠠᠨ ᠢᠶᠠᠨ ᠪᠣᠰᠬᠠᠵᠤ ᠂ ᠲᠩᠷᠢ ᠶᠢᠨ ᠬᠥᠰᠢᠭᠡ ᠪᠠᠨ ᠲᠤᠯᠵᠤ ᠂ ᠡᠯ᠎ᠡ ᠵᠦᠢᠯ ᠤᠨ ᠭᠡᠷ ᠤᠨ | ᠭᠠᠳᠠᠨᠠᠬᠢ ᠬᠡᠷᠡᠭᠰᠡᠯ ᠢᠶᠠᠨ ᠵᠣᠬᠢᠰᠲᠠᠢ ᠲᠠᠯᠪᠢᠭᠰᠠᠨ ᠤ ᠳᠠᠷᠠᠭ᠎ᠠ ᠨᠢᠭᠡ ᠴᠣᠮᠣ ᠺᠣᠹᠧ ᠴᠢᠢᠯᠡᠵᠦ ᠂ ᠰᠠᠨᠳᠠᠯᠢ | ᠳᠡᠭᠡᠷ᠎ᠡ ᠪᠠᠨ ᠰᠤᠯᠠ ᠰᠠᠭᠤᠵᠤ᠂ ᠨᠠᠮ ᠵᠢᠮ ᠢᠶᠠᠷ ᠠᠯᠤᠰ ᠬᠤᠯᠠ ᠶᠢᠨ ᠦᠵᠡᠮᠵᠢ ᠶᠢ ᠰᠣᠨᠢᠷᠬᠠᠬᠤ ᠡᠰᠡᠬᠦᠯ᠎ᠡ | ᠣᠶᠢᠷ᠎ᠠ ᠶᠢᠨ ᠬᠤᠷᠣᠬᠠᠢ ᠰᠢᠪᠠᠭᠤᠨ ᠤ ᠳᠠᠭᠤᠨ ᠢ ᠰᠣᠨᠣᠰᠴᠤ᠂ ᠡᠬᠡ ᠪᠠᠶᠢᠭᠠᠯᠢ ᠶᠢᠨ ᠨᠠᠮ ᠵᠢᠮ ᠪᠠ ᠰᠠᠶᠢᠨ | ᠰᠠᠶᠢᠬᠠᠨ ᠢ ᠣᠶᠢᠯᠠᠭᠠᠵᠤ ᠪᠣᠯᠤᠨ᠎ᠠ ᠃ ᠲᠣᠭᠤᠰᠣ ᠱᠤᠤᠬᠢᠶᠠᠨ ᠠᠴᠠ ᠠᠶᠠᠷᠬᠠᠨ ᠰᠠᠯᠵᠤ ᠪᠡᠶ᠎ᠡ ᠰᠡᠳᠬᠢᠯ ᠢᠶᠠᠨ ᠡᠨᠡ | ᠬᠦ ᠨᠠᠮ ᠰᠡᠯᠡᠭᠦᠨ ᠨᠤᠲᠤᠭ ᠳᠡᠪᠢᠰᠬᠡᠷ ᠳᠡᠭᠡᠷ᠎ᠡ ᠲᠤᠭᠤᠰᠢᠲᠠᠢ ᠲᠠᠶᠢᠪᠤᠰᠢᠷᠠᠭᠤᠯᠤᠨ᠎ᠠ ᠃ | ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠶᠡᠭᠡ ᠵᠡᠭᠡᠯᠢ ᠬᠢᠭᠡᠳ ᠴᠥᠩ | ᠳ᠋ᠧ ᠶᠡᠭᠡ ᠵᠡᠭᠡᠯᠢ ᠶᠢᠨ ᠠᠭᠤᠯᠵᠠᠷ ︵ᠮᠦ ᠰᠢᠩ ᠯᠢᠦᠶ ᠶᠤᠸᠠᠨ ᠪᠠᠭ᠎ᠠ ᠬᠦᠷᠢᠶᠡᠯᠡᠩ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠺᠠᠩ ᠵᠤᠸᠠᠩ ᠶᠡᠭᠡ ᠵᠠᠮ ᠤᠨ | 99 ᠳ᠋ᠦ᠋ᠭᠡᠷ ᠲᠣᠭᠠᠲᠤ︶ | ᠬᠠᠷᠢᠯᠴᠠᠬᠤ ᠤᠲᠠᠰᠤ᠄ 15848623925 | | 3. ᠳ᠋ᠠ ᠵᠢᠩ ᠭᠧᠤ ᠬᠡᠭᠡᠷ᠎ᠡ ᠪᠠᠭᠤᠳᠠᠯᠯᠠᠬᠤ ᠭᠠᠵᠠᠷ᠄ ᠤᠢ ᠰᠢᠭᠤᠢ ᠶᠢᠨ ᠬᠤᠭᠤᠷᠤᠨᠳᠤᠬᠢ ᠨᠢᠭᠤᠴᠠ | ᠤᠷᠴᠢᠨ ᠤ ᠰᠦᠪᠡᠭᠴᠢᠯᠡᠯᠲᠡ | | ᠳ᠋ᠠ ᠵᠢᠩ ᠭᠧᠦ ᠬᠡᠭᠡᠷ᠎ᠡ ᠪᠠᠭᠤᠳᠠᠯᠯᠠᠬᠤ ᠭᠠᠵᠠᠷ ᠨᠢ ᠶᠠᠭ ᠯᠠ ᠡᠬᠡ ᠪᠠᠶᠢᠭᠠᠯᠢ ᠭᠦᠨ ᠠᠭᠤᠯᠠᠨ ᠳᠤ | ᠨᠢᠭᠤᠭᠰᠠᠨ ᠨᠢᠭᠡᠨ ᠭᠡᠷᠡᠯᠲᠦ ᠰᠤᠪᠤᠳ ᠰᠢᠭ᠋ ᠪᠠᠶᠢᠵᠤ ᠂ ᠬᠠᠴᠢᠨ ᠰᠣᠨᠢᠷᠬᠠᠯ ᠳᠦᠭᠦᠷᠡᠩ ᠃ ᠲᠠ ᠡᠨᠡ | ᠪᠠᠭᠤᠳᠠᠯᠯᠠᠬᠤ ᠭᠠᠵᠠᠷ ᠲᠤ ᠠᠯᠬᠤᠨ ᠣᠷᠣᠮᠠᠭᠴᠠ ᠶᠠᠭ ᠯᠠ ᠨᠢᠭᠡᠨ ᠨᠣᠭᠤᠭᠠᠨ ᠦᠯᠢᠭᠡᠷ ᠳᠣᠮᠤᠭ ᠤᠨ | ᠶᠢᠷᠲᠢᠨᠴᠦ ᠳᠤ ᠣᠷᠣᠭᠰᠠᠨ ᠰᠢᠭ᠋᠂ ᠡᠷᠭᠢᠨ ᠲᠣᠭᠤᠷᠢᠨ ᠨᠢ ᠰᠠᠬᠤᠯᠢᠭ ᠣᠢ ᠮᠣᠳᠤᠨ ᠳᠤ ᠪᠦᠷᠬᠦᠭᠳᠡᠵᠦ᠂ ᠠᠭᠤᠷ | ᠠᠮᠢᠰᠬᠤᠯ ᠳᠤ ᠰᠢᠨ᠎ᠡ ᠰᠣᠷᠭᠤᠭ ᠡᠪᠡᠰᠦ ᠮᠣᠳᠤᠨ ᠤ ᠠᠩᠭᠢᠯᠤᠮ᠎ᠠ ᠦᠨᠦᠷ ᠬᠠᠩᠬᠤᠯᠤᠨ᠎ᠠ᠃ | ᠣᠢ ᠶᠢᠨ ᠵᠥᠷᠢᠭ ᠵᠠᠮ ᠢᠶᠠᠷ ᠰᠦᠯᠵᠢᠯᠳᠦᠵᠦ᠂ ᠬᠥᠯ ᠳᠣᠣᠷ᠎ᠠ ᠤᠨᠠᠭᠰᠠᠨ ᠰᠤᠯᠠ ᠨᠠᠪᠴᠢᠰ ᠂ ᠴᠢᠬᠢᠨ ᠳᠤ | ᠰᠢᠪᠠᠭᠤᠨ ᠤ ᠤᠶᠠᠩᠭᠠᠲᠤ ᠳᠠᠭᠤᠤ ᠪᠠ ᠬᠤᠷᠣᠬᠠᠢ ᠶᠢᠨ ᠳᠠᠭᠤᠤ ᠬᠠᠩᠭᠢᠨᠠᠵᠤ᠂ ᠶᠠᠭ ᠯᠠ ᠡᠬᠡ ᠪᠠᠶᠢᠭᠠᠯᠢ ᠲᠠᠢ | ᠳᠣᠲᠣᠨᠣ ᠪᠠᠷ ᠶᠠᠷᠢᠯᠴᠠᠭᠰᠠᠨ ᠮᠡᠲᠦ ᠃ ᠠᠳᠡ ᠲᠠ ᠬᠡᠭᠡᠷ᠎ᠡ ᠪᠠᠭᠤᠳᠠᠯᠯᠠᠬᠤ ᠬᠠᠪᠤ ᠴᠡᠩᠭᠡᠯ ᠢ ᠬᠠᠨᠲᠠᠯ᠎ᠠ ᠡᠳ᠋ᠯᠡᠵᠦ ᠂ | ᠮᠠᠶᠢᠬᠠᠨ ᠪᠣᠰᠬᠠᠵᠤ᠂ ᠰᠢᠷᠠᠮᠠᠯ ᠤᠨ ᠵᠢᠶᠠᠰᠠ ᠪᠠᠨ ᠲᠤᠯᠵᠤ ᠂ ᠨᠠᠶᠢᠵᠠ ᠨᠠᠷ ᠲᠠᠢ ᠪᠠᠨ ᠬᠠᠮᠲᠤ ᠭᠡᠷ ᠤᠨ ᠭᠠᠳᠠᠨᠠᠬᠢ | ᠬᠠᠭᠤᠷᠤᠯᠭ᠎ᠠ ᠬᠢᠬᠦ ᠪᠠᠶᠠᠷ ᠪᠠᠶᠠᠰᠤᠯ ᠢ ᠡᠳ᠋ᠯᠡᠵᠦ ᠪᠣᠯᠣᠨ᠎ᠠ᠃ ᠠᠮᠲᠠᠲᠤ ᠢᠳᠡᠭᠡᠨ ᠨᠡᠭᠦᠷᠡᠰᠦᠨ ᠭᠠᠯ ᠳᠡᠭᠡᠷ᠎ᠡ ᠵᠢᠷᠭᠢᠨᠡᠨ | ᠳᠤᠤᠭᠠᠷᠬᠤ ᠦᠶ᠎ᠡ ᠳᠤ᠂ ᠬᠦᠮᠦᠰ ᠢ ᠳᠤᠷᠠᠯᠠᠭᠤᠯᠤᠮᠠ ᠦᠨᠦᠷ ᠬᠠᠩᠬᠤᠯᠵᠤ᠂ ᠲᠡᠷᠡ ᠬᠦ ᠬᠠᠨᠤᠭᠰᠠᠨ ᠰᠡᠳᠭᠢᠯᠭᠡ ᠶᠢ | ᠦᠭᠡ ᠬᠡᠯᠡ ᠪᠠᠷ ᠳᠦᠷᠰᠦᠯᠡᠬᠦ ᠶᠢᠨ ᠠᠷᠭ᠎ᠠ ᠦᠭᠡᠢ ᠶᠤᠮ᠃ | ᠳ᠋ᠠ ᠵᠢᠩ ᠭᠧᠦ ᠬᠡᠭᠡᠷ᠎ᠡ ᠪᠠᠭᠤᠳᠠᠯᠯᠠᠬᠤ ᠭᠠᠵᠠᠷ ᠲᠤ ᠠᠷᠪᠢᠨ ᠬᠤᠳᠠᠯᠳᠤᠭᠠᠨ ᠤ ᠠᠭᠤᠷ ᠠᠮᠢᠰᠬᠤᠯ ᠪᠠᠶᠢᠬᠤ | ᠦᠭᠡᠢ᠂ ᠬᠠᠮᠤᠭ ᠤᠨ ᠠᠩᠬᠠᠨ ᠤ ᠪᠠᠶᠢᠭᠠᠯᠢ ᠶᠢᠨ ᠳᠦᠷᠰᠦ ᠪᠠᠶᠢᠳᠠᠯ ᠢ ᠬᠠᠳᠠᠭᠠᠯᠠᠵᠤ᠂ ᠲᠠᠨ ᠢ ᠪᠠᠶᠢᠭᠠᠯᠢ ᠲᠠᠢ | ᠦᠨᠡᠨ ᠬᠦ ᠣᠶᠢᠷᠠᠲᠤᠭᠤᠯᠵᠤ᠂ ᠡᠬᠡ ᠪᠠᠶᠢᠭᠠᠯᠢ ᠶᠢᠨ ᠭᠠᠶᠢᠬᠠᠮᠰᠢᠭᠲᠤ ᠪᠠ ᠰᠠᠶᠢᠨ ᠰᠠᠶᠢᠬᠠᠨ ᠪᠠᠶᠢᠳᠠᠯ ᠢ | ᠮᠡᠳᠡᠷᠡᠭᠦᠯᠦᠨ᠎ᠡ᠃ ᠠᠳᠡ ᠲᠠ ᠪᠤᠢ ᠪᠥᠬᠦᠢ ᠪᠤᠬᠢᠨᠢᠳᠤᠯ ᠪᠠ ᠳᠠᠷᠤᠯᠲᠠ ᠪᠠᠨ ᠲᠠᠯᠪᠢᠵᠤ᠂ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠪᠠᠶᠢᠭᠠᠯᠢ ᠶᠢᠨ ᠡᠯᠢᠭᠡᠨ ᠳᠤ ᠣᠷᠣᠯᠴᠠᠵᠤ᠂ ᠡᠨᠡ ᠬᠦ ᠣᠯᠳᠠᠬᠤᠶ᠎ᠠ ᠪᠡᠷᠬᠡ ᠨᠠᠮ ᠰᠡᠯᠡᠭᠦᠨ ᠪᠠ | ᠡᠷᠬᠡ ᠴᠢᠯᠥᠭᠡ ᠶᠢ ᠡᠳ᠋ᠯᠡᠵᠦ ᠪᠣᠯᠣᠨ᠎ᠠ᠃ | | ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤ ︵ᠳ᠋ᠠ ᠵᠢᠩ ᠭᠧᠤ | ᠰᠢᠷᠠᠮᠠᠯ ᠬᠡᠭᠡᠷ᠎ᠡ ᠪᠠᠭᠤᠳᠠᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠣᠮᠣ ᠶᠢᠨ ᠳ᠋ᠠ ᠵᠢᠩ ᠭᠧᠦ︶ | ᠬᠠᠷᠢᠯᠴᠠᠬᠤ ᠤᠲᠠᠰᠤ᠄ 13224875333 | | 4. ᠱᠢ ᠭᠤᠸᠠᠩ ᠶᠤᠸᠠᠨ ᠶᠧ ᠬᠡᠭᠡᠷ᠎ᠡ ᠪᠠᠭᠤᠳᠠᠯᠯᠠᠬᠤ ᠭᠠᠵᠠᠷ᠄ ᠭᠡᠷᠡᠯ ᠰᠡᠭᠦᠳᠡᠷ ᠰᠣᠯᠪᠢᠴᠠᠭᠰᠠᠨ | ᠪᠠᠶᠢᠭᠠᠯᠢ ᠶᠢᠨ ᠴᠡᠩᠭᠡᠯ ᠤᠨ ᠬᠦᠷᠢᠶᠡᠯᠡᠩ | | ᠱᠢ ᠭᠤᠸᠠᠩ ᠶᠤᠸᠠᠨ ᠶᠧ ᠬᠡᠭᠡᠷ᠎ᠡ ᠪᠠᠭᠤᠳᠠᠯᠯᠠᠬᠤ ᠭᠠᠵᠠᠷ ᠨᠢ ᠥᠷᠭᠡᠨ ᠬᠠᠷᠠᠭᠠᠰᠤ ᠪᠠ ᠡᠯᠪᠡᠭ ᠪᠠᠶᠠᠯᠢᠭ | ᠬᠥᠳᠡᠯᠭᠡᠭᠡᠨ ᠢᠶᠠᠷ ᠢᠶᠠᠨ ᠮᠠᠰᠢ ᠣᠯᠠᠨ ᠵᠤᠭᠠᠴᠠᠭᠰᠠᠳ ᠢ ᠲᠠᠲᠠᠵᠤ ᠪᠤᠢ ᠃ ᠠᠳᠡ ᠶᠠᠭ ᠯᠠ ᠭᠡᠷᠡᠯ ᠰᠡᠭᠦᠳᠡᠷ | ᠰᠣᠯᠪᠢᠴᠠᠭᠰᠠᠨ ᠪᠠᠶᠢᠭᠠᠯᠢ ᠶᠢᠨ ᠴᠡᠩᠭᠡᠯ ᠤᠨ ᠬᠦᠷᠢᠶᠡᠯᠡᠩ ᠰᠢᠭ᠋ ᠪᠠᠶᠢᠵᠤ᠂ ᠥᠩᠭᠡ ᠦᠵᠡᠮᠵᠢ ᠨᠢᠭᠡᠪᠦᠷᠢ ᠨᠢ ᠴᠥᠮ | ᠦᠵᠡᠰᠬᠦᠯᠡᠩᠲᠦ ᠰᠠᠶᠢᠬᠠᠨ ᠵᠢᠷᠤᠭ ᠰᠢᠭ᠋ ᠭᠤᠶᠤ ᠪᠠᠶᠢᠳᠠᠭ᠃ | ᠲᠠ ᠠᠳᠡ ᠢᠷᠡᠪᠡᠯ᠂ ᠡᠩ ᠲᠡᠷᠢᠭᠦᠨ ᠳᠤ ᠬᠠᠷᠠᠭᠠᠨ ᠳᠤ ᠴᠢᠨᠢ ᠲᠣᠳᠤᠷᠠᠳᠠᠭ ᠨᠢ ᠬᠦᠪᠡᠭᠡ ᠬᠢᠵᠠᠭᠠᠷ | ᠦᠭᠡᠢ ᠡᠪᠡᠰᠦᠲᠦ ᠲᠠᠯ᠎ᠠ ᠪᠠ ᠴᠡᠯᠮᠡᠭ ᠣᠭᠲᠠᠷᠭᠤᠢ ᠪᠠᠶᠢᠵᠤ ᠂ ᠬᠠᠷᠠᠭ᠎ᠠ ᠲᠤᠶᠢᠯ ᠤᠨ ᠥᠷᠭᠡᠨ᠃ ᠠᠳᠡ ᠲᠠ | ᠮᠠᠶᠢᠬᠠᠨ ᠢᠶᠠᠨ ᠪᠣᠰᠬᠠᠵᠤ ᠂ ᠵᠦᠯᠭᠡᠨ ᠳᠡᠭᠡᠷ᠎ᠡ ᠬᠡᠪᠲᠡᠵᠦ᠂ ᠣᠭᠲᠠᠷᠭᠤᠢ ᠶᠢ ᠪᠠᠷᠠᠯᠠᠨ ᠨᠠᠷᠠᠨ ᠭᠡᠷᠡᠯ ᠤᠨ ᠳᠤᠯᠠᠭᠠᠨ | ᠪᠠ ᠵᠥᠭᠡᠯᠡᠨ ᠰᠠᠯᠬᠢᠨ ᠤ ᠢᠯᠪᠢᠯᠲᠡ ᠶᠢ ᠮᠡᠳᠡᠷᠡᠵᠦ ᠪᠣᠯᠣᠨ᠎ᠠ᠃ ᠬᠡᠷᠪᠡ ᠲᠠ ᠭᠡᠷᠡᠯ ᠰᠡᠭᠦᠳᠡᠷ ᠤᠷᠠᠯᠢᠭ ᠪᠣᠯᠣᠨ | ᠪᠠᠶᠢᠭᠠᠯᠢ ᠶᠢᠨ ᠰᠣᠨᠢᠷᠬᠠᠯᠲᠠᠢ ᠤᠶᠠᠯᠳᠤᠯ ᠳᠤ ᠳᠤᠷᠠᠲᠠᠢ ᠪᠣᠯ᠂ ᠠᠳᠡ ᠯᠠᠪ ᠲᠠᠨ ᠢ ᠬᠦᠰᠡᠷᠳᠡᠭᠦᠯᠬᠦ ᠦᠭᠡᠢ᠃ | ᠣᠨᠴᠠᠭᠠᠢ ᠴᠠᠭ ᠮᠥᠴᠡ ᠳᠤ᠂ ᠨᠠᠷᠠᠨ ᠭᠡᠷᠡᠯ ᠮᠣᠳᠣᠨ ᠨᠠᠪᠴᠢ ᠶᠢ ᠨᠡᠪᠲᠡᠯᠦᠨ ᠨᠢᠭᠡ ᠬᠡᠰᠡᠭ ᠲᠣᠯᠪᠣᠲᠤ ᠭᠡᠷᠡᠯ | ᠪᠣᠯᠵᠤ᠂ ᠶᠠᠭ ᠡᠬᠡ ᠪᠠᠢᠭᠠᠯᠢ ᠶᠢᠨ ᠴᠢᠮ᠎ᠠ ᠳᠤ ᠨᠠᠷᠢᠨ ᠨᠢᠮᠪᠠᠢ ᠵᠢᠷᠤᠵᠤ ᠦᠭᠭᠦᠭᠰᠡᠨ ᠤᠷᠠᠯᠢᠭ ᠤᠨ ᠪᠦᠲᠦᠭᠡᠯ ᠮᠡᠲᠦ | ᠭᠤᠶᠣ᠃ | | ᠪᠠᠭᠤᠳᠠᠯᠯᠠᠬᠤ ᠭᠠᠵᠠᠷ ᠪᠠᠰᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠵᠦᠢᠯ ᠤᠨ ᠣᠨᠴᠠᠯᠢᠭᠲᠤ | ᠠᠵᠢᠯᠯᠠᠭ᠎ᠠ ᠡᠷᠬᠢᠯᠡᠨ᠎ᠡ᠂ ᠵᠢᠱᠢᠶᠡᠯᠡᠪᠡᠯ ᠵᠠᠳᠠᠭᠠᠢ ᠺᠢᠨᠣ᠋ ᠦᠵᠡᠭᠦᠯᠭᠡ ᠂ ᠭᠠᠷ ᠦᠢᠯᠡᠳᠬᠡᠯ ᠵᠡᠷᠭᠡ ᠨᠢ ᠲᠠᠨ ᠤ ᠬᠡᠭᠡᠷ᠎ᠡ | ᠪᠠᠭᠤᠳᠠᠯᠯᠠᠬᠤ ᠵᠢᠭᠤᠯᠴᠢᠯᠠᠯ ᠢ ᠨᠠᠩ ᠪᠠᠶᠠᠯᠢᠭ ᠰᠠᠶᠢᠬᠠᠨ ᠪᠣᠯᠭᠠᠨ᠎ᠠ᠃ ᠠᠳᠡ ᠲᠠ ᠳᠦᠷᠪᠡᠨ ᠵᠦᠭ ᠨᠠᠢᠮᠠᠨ | ᠵᠣᠪᠬᠢᠰ ᠠᠴᠠ ᠢᠷᠡᠭᠰᠡᠨ ᠨᠠᠶᠢᠵᠠ ᠨᠤᠭᠤᠳ ᠲᠠᠢ ᠲᠠᠨᠢᠯᠴᠠᠵᠤ᠂ ᠬᠡᠭᠡᠷ᠎ᠡ ᠪᠠᠭᠤᠳᠠᠯᠯᠠᠬᠤ ᠪᠠᠶᠠᠷ ᠪᠠᠶᠠᠰᠤᠯ ᠪᠣᠯᠣᠨ | ᠠᠮᠢᠳᠤᠷᠠᠯ ᠤᠨ ᠲᠤᠰᠤᠯ ᠢᠶᠠᠨ ᠬᠤᠪᠢᠶᠠᠯᠴᠠᠵᠤ ᠪᠣᠯᠣᠨ᠎ᠠ᠃ | ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠴᠢᠩ ᠱᠠᠨ ᠲᠣᠰᠬᠤᠨ | ᠬᠠᠷᠢᠯᠴᠠᠬᠤ ᠤᠲᠠᠰᠤ᠄ 18686167302 | | 5. ᠴᠡᠴᠡᠭᠲᠦ ᠣᠷᠴᠢᠯᠠᠩ · ᠪᠧᠢ ᠶᠧ ᠬᠡᠭᠡᠷ᠎ᠡ ᠪᠠᠭᠤᠳᠠᠯᠯᠠᠬᠤ ᠭᠠᠵᠠᠷ | | ᠦᠳᠡᠰᠢ ᠶᠢᠨ ᠬᠥᠰᠢᠭᠡ ᠪᠠᠭᠤᠬᠤ ᠳᠤ᠂ ᠴᠡᠴᠡᠭᠲᠦ ᠣᠷᠴᠢᠯᠠᠩ · ᠪᠧᠢ ᠶᠧ ᠬᠡᠭᠡᠷ᠎ᠡ ᠪᠠᠭᠤᠳᠠᠯᠯᠠᠬᠤ | ᠭᠠᠵᠠᠷ ᠨᠢ ᠵᠠᠯᠠᠭᠤᠴᠤᠳ ᠤᠨ ᠤᠷᠤᠰᠬᠠᠯ ᠤᠨ ᠭᠠᠵᠠᠷ ᠪᠣᠯᠵᠠᠢ᠃ ᠠᠳᠡ ᠳ᠋ᠧᠩ ᠤᠨ ᠭᠡᠷᠡᠯ ᠳᠤᠸᠠᠯᠠᠵᠤ᠂ ᠳᠠᠭᠤᠤ | ᠬᠥᠭᠵᠢᠮ ᠬᠠᠩᠭᠢᠨᠠᠵᠤ᠂ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠣᠯᠤᠨ ᠣᠷᠭᠢᠯᠤᠮ᠎ᠠ ᠰᠡᠳᠬᠢᠯᠭᠡ ᠪᠠᠷ | ᠪᠢᠯᠬᠠᠨ᠎ᠠ ᠃ | ᠲᠦᠳᠡᠭ ᠭᠠᠯ ᠤᠨ ᠬᠠᠵᠠᠭᠤ ᠳᠤ ᠲᠣᠭᠤᠷᠢᠨ ᠰᠠᠭᠤᠵᠤ᠂ ᠡᠯ᠎ᠡ ᠭᠠᠵᠠᠷ ᠠᠴᠠ ᠢᠷᠡᠭᠰᠡᠨ | ᠵᠠᠯᠠᠭᠤᠴᠤᠳ ᠲᠠᠢ ᠬᠠᠮᠲᠤ ᠬᠤᠭᠤᠷᠣᠨᠳᠣᠬᠢ ᠦᠯᠢᠭᠡᠷ ᠢᠶᠠᠨ ᠬᠤᠪᠢᠶᠠᠯᠴᠠᠵᠤ᠂ ᠠᠮᠢᠳᠤᠷᠠᠯ ᠤᠨ ᠲᠥᠷᠥᠭᠳᠡᠯ ᠢᠶᠠᠨ | ᠰᠣᠯᠢᠯᠴᠠᠵᠤ᠂ ᠣᠶᠤᠨ ᠰᠠᠨᠠᠭ᠎ᠠ ᠪᠠᠨ ᠰᠥᠨᠢ ᠶᠢᠨ ᠥᠩᠭᠡᠨ ᠳᠤ ᠨᠠᠩ ᠣᠶᠢᠷᠠᠳᠤᠭᠤᠯᠤᠨᠠ ᠃ ᠪᠠᠭᠤᠳᠠᠯᠯᠠᠬᠤ ᠭᠠᠵᠠᠷ | ᠪᠠᠰᠠ ᠡᠯ᠎ᠡ ᠵᠦᠢᠯ ᠤᠨ ᠭᠤᠤᠯ ᠰᠡᠳᠦᠪᠲᠦ ᠨᠠᠶᠢᠷ ᠴᠤᠭᠯᠠᠭᠠᠨ ᠪᠠ ᠳᠠᠭᠤᠤ ᠬᠥᠭᠵᠢᠮ ᠤᠨ ᠲᠣᠭᠯᠠᠯᠲᠠ ᠭᠠᠷᠭᠠᠵᠤ᠂ | ᠲᠠᠨ ᠢ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠤᠨ ᠳᠤᠮᠳᠠ ᠥᠪᠡᠷ ᠢ ᠪᠠᠨ ᠪᠠᠳᠠᠷᠠᠭᠤᠯᠵᠤ᠂ ᠦᠳᠡᠰᠢ ᠶᠢᠨ | ᠪᠠᠶᠠᠷ ᠪᠠᠶᠠᠰᠤᠯ ᠢ ᠡᠳ᠋ᠯᠡᠭᠦᠯᠦᠨ᠎ᠡ᠃ | | | ᠠᠳᠡ ᠲᠠ ᠵᠣᠷᠢᠭ ᠨᠢᠭᠡᠳᠦᠭᠰᠡᠨ ᠨᠠᠶᠢᠵᠠ ᠲᠠᠨᠢᠯᠴᠠᠵᠤ ᠂ ᠮᠠᠷᠲᠠᠭᠳᠠᠰᠢ ᠦᠭᠡᠢ ᠦᠳᠡᠰᠢ ᠶᠢ ᠬᠠᠮᠲᠤ | ᠥᠩᠭᠡᠷᠡᠭᠦᠯᠵᠦ ᠪᠣᠯᠣᠨ᠎ᠠ᠃ ᠪᠥᠵᠢᠭ ᠪᠥᠵᠢᠭᠯᠡᠬᠦ᠂ ᠠᠷᠢᠬᠢ ᠤᠤᠭᠤᠬᠤ ᠪᠠ ᠵᠣᠭᠤᠭᠳᠠᠬᠤ ᠭᠡᠰᠡᠨ ᠦᠭᠡᠢ᠂ ᠴᠥᠮ | ᠵᠠᠯᠠᠭᠤᠴᠤᠳ ᠤᠨ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢ ᠮᠡᠳᠡᠷᠡᠵᠦ ᠴᠢᠳᠠᠨ᠎ᠠ᠃ | ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠴᠡᠴᠡᠭᠲᠦ ᠣᠷᠴᠢᠯᠠᠩ ᠦᠵᠡᠮᠵᠢ ᠶᠢᠨ | ᠣᠷᠣᠨ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠰᠢᠭᠤᠶᠢᠲᠤ | ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ 99 ᠳ᠋ᠦ᠋ᠭᠡᠷ ᠲᠣᠭᠠᠲᠤ︶ | ᠬᠠᠷᠢᠯᠴᠠᠬᠤ ᠤᠲᠠᠰᠤ᠄ 15849212709 | | ᠰᠢᠭᠤᠶᠢᠲᠤ ᠶᠢᠨ ᠬᠡᠭᠡᠷ᠎ᠡ ᠪᠠᠭᠤᠳᠠᠯᠯᠠᠬᠤ ᠪᠢᠴᠢᠬᠠᠨ ᠰᠠᠨᠠᠭᠤᠯᠤᠮᠵᠢ | ᠨᠠᠶᠢᠵᠠ ᠤᠳ ᠠ᠂ ᠰᠢᠭᠤᠶᠢᠲᠤ ᠳᠤ ᠢᠷᠡᠵᠦ ᠬᠡᠭᠡᠷ᠎ᠡ ᠪᠠᠭᠤᠳᠠᠯᠯᠠᠬᠤ ᠨᠢ ᠮᠠᠰᠢ ᠰᠣᠨᠢᠷᠬᠠᠯᠲᠠᠢ᠃ | ᠭᠡᠪᠡᠴᠦ ᠡᠳᠡᠭᠡᠷ ᠰᠠᠨᠠᠭᠤᠯᠤᠮᠵᠢ ᠨᠤᠭᠤᠳ ᠢ ᠰᠠᠶᠢᠨ ᠬᠤᠷᠢᠶᠠᠭᠠᠷᠠᠢ ︕ | ᠤᠷᠢᠳᠴᠢᠯᠠᠨ ᠲᠥᠯᠥᠪᠵᠢᠭᠦᠯᠬᠦ᠄ ᠰᠢᠭᠤᠶᠢᠲᠤ ᠶᠢᠨ ᠬᠡᠭᠡᠷ᠎ᠡ ᠪᠠᠭᠤᠳᠠᠯᠯᠠᠬᠤ ᠭᠠᠵᠠᠷ ᠤᠳ ᠤᠨ ᠬᠡᠪ | ᠨᠠᠮᠪᠠ ᠨᠢ ᠠᠳᠠᠯᠢ ᠪᠤᠰᠤ ᠪᠠᠶᠢᠳᠠᠭ᠃ ᠵᠢᠱᠢᠶᠡᠯᠡᠪᠡᠯ ᠬᠦᠬᠡᠮᠳᠦᠭ ᠨᠤᠭᠤᠭᠠᠨ ᠤᠢ ᠰᠢᠭᠤᠢ ᠶᠢᠨ ᠬᠡᠭᠡᠷ᠎ᠡ | ᠪᠠᠭᠤᠳᠠᠯᠯᠠᠬᠤ ᠭᠠᠵᠠᠷ ᠨᠢ ᠭᠡᠷ ᠪᠦᠯᠢ ᠶᠢᠨ ᠴᠤᠭᠯᠠᠭᠠᠨ ᠳᠤ ᠲᠣᠬᠢᠷᠠᠨ᠎ᠠ᠂ ᠳ᠋ᠠ ᠵᠢᠩ ᠭᠸᠦ ᠬᠡᠭᠡᠷ᠎ᠡ ᠪᠠᠭᠤᠳᠠᠯᠯᠠᠬᠤ | ᠭᠠᠵᠠᠷ ᠨᠢ ᠨᠡᠩ ᠡᠬᠡ ᠪᠠᠶᠢᠭᠠᠯᠢ ᠶᠢᠨ ᠬᠡᠭᠡᠷ᠎ᠡ ᠶᠢᠨ ᠰᠣᠨᠢᠷᠬᠠᠯ ᠲᠠᠢ᠃ ᠮᠣᠷᠳᠠᠬᠤ ᠠᠴᠠ ᠡᠮᠦᠨ᠎ᠡ ᠳᠤᠷ᠎ᠠ ᠪᠠᠬ᠎ᠠ ᠪᠠᠨ | ᠦᠨᠳᠦᠰᠦᠯᠡᠨ ᠭᠠᠵᠠᠷ ᠢᠶᠠᠨ ᠰᠠᠶᠢᠲᠤᠷ ᠰᠣᠩᠭᠤᠵᠤ᠂ ᠨᠡᠭᠡᠭᠡᠯᠲᠡᠲᠡᠶ ᠴᠠᠭ᠂ ᠪᠡᠯᠡᠳᠬᠡᠮᠵᠢ ᠶᠢᠨ ᠪᠠᠶᠢᠳᠠᠯ ᠢ ᠰᠠᠶᠢᠨ | ᠣᠶᠢᠯᠠᠭᠠᠵᠤ᠂ ᠤᠷᠢᠳᠴᠢᠯᠠᠨ ᠪᠣᠯᠵᠣᠭᠠᠷᠠᠢ ᠃ | ᠵᠡᠪᠰᠡᠭ ᠲᠣᠨᠣᠭᠯᠠᠯ ᠪᠦᠷᠢᠨ᠄ ᠮᠠᠶᠢᠬᠠᠨ᠂ ᠤᠨᠲᠠᠯᠭ᠎ᠠ ᠶᠢᠨ ᠤᠭᠤᠲᠠ᠂ ᠴᠢᠬᠢᠭ ᠢ ᠰᠡᠷᠭᠡᠶᠢᠯᠡᠬᠦ ᠳᠡᠪᠢᠰᠬᠡᠷ | ᠵᠡᠷᠭᠡ ᠰᠠᠭᠤᠷᠢ ᠲᠥᠬᠦᠭᠡᠷᠦᠮᠵᠢ ᠳᠤᠲᠠᠭᠳᠠᠵᠤ ᠪᠣᠯᠬᠤ ᠦᠭᠡᠢ᠂ ᠴᠠᠭ ᠠᠭᠤᠷ ᠲᠦᠷᠭᠡᠨ ᠬᠤᠪᠢᠷᠠᠯᠲᠠ ᠲᠠᠢ᠂ | ᠪᠣᠷᠣᠭᠠᠨ ᠤ ᠬᠡᠷᠡᠭᠰᠡᠯ ᠪᠠ ᠳᠤᠯᠠᠭᠠᠯᠠᠬᠤ ᠬᠤᠪᠴᠠᠰᠤ ᠬᠤᠨᠠᠷ ᠢᠶᠠᠨ ᠠᠪᠤᠭᠠᠷᠠᠢ ᠃ ᠬᠡᠷᠪᠡ ᠪᠠᠭᠤᠳᠠᠯᠯᠠᠬᠤ ᠭᠠᠵᠠᠷ ᠲᠤ | ᠬᠤᠭᠤᠯᠠ ᠬᠢᠬᠦ ᠭᠡᠪᠡᠯ᠂ ᠵᠤᠤᠬ᠎ᠠ ᠶᠢᠨ ᠬᠡᠷᠡᠭᠰᠡᠯ᠂ ᠬᠤᠭᠤᠯᠠᠨ ᠤ ᠬᠡᠷᠡᠭᠰᠡᠯ᠂ ᠢᠳᠡᠭᠡᠨ ᠤ ᠮᠠᠲ᠋ᠧᠷᠢᠶᠠᠯ ᠪᠠ | ᠭᠦᠢᠴᠡᠳ ᠤᠤᠭᠤᠬᠤ ᠤᠰᠤ ᠳᠤᠲᠠᠭᠳᠠᠵᠤ ᠪᠣᠯᠣᠰᠢ ᠦᠭᠡᠢ᠃ | ᠠᠮᠤᠷ ᠲᠦᠪᠰᠢᠨ ᠨᠢᠭᠡᠳᠦᠭᠡᠷ᠄ ᠪᠠᠭᠤᠳᠠᠯᠯᠠᠬᠤ ᠭᠠᠵᠠᠷ ᠤᠨ ᠡᠷᠬᠢᠨ ᠲᠣᠭᠤᠷᠢᠨ ᠢᠶᠠᠷ ᠵᠤᠭᠠᠴᠠᠨ | ᠨᠠᠭᠠᠳᠬᠤ ᠳᠤ ᠭᠠᠵᠠᠷ ᠤᠨ ᠪᠠᠶᠢᠴᠠ ᠪᠠ ᠰᠡᠷᠡᠮᠵᠢᠯᠡᠭᠦᠯᠦᠯ ᠤᠨ ᠲᠡᠮᠳᠡᠭ ᠢ ᠠᠩᠬᠠᠷᠴᠤ᠂ ᠠᠶᠤᠯ ᠲᠠᠢ ᠣᠷᠣᠨ ᠳᠤ | ᠪᠢᠲᠡᠭᠡᠢ ᠣᠴᠢᠭᠠᠷᠠᠢ᠃ ᠰᠥᠨᠢ ᠪᠠᠷ ᠬᠡᠭᠡᠷ᠎ᠡ ᠪᠠᠭᠤᠳᠠᠯᠯᠠᠬᠤ ᠳᠤ ᠂ ᠭᠡᠷᠡᠯᠲᠦᠭᠦᠯᠬᠦ ᠲᠥᠬᠦᠭᠡᠷᠦᠮᠵᠢ ᠭᠦᠢᠴᠡᠳ ᠪᠠᠢᠬᠤ | ᠬᠡᠷᠡᠭᠲᠡᠢ ᠂ ᠣᠶᠢᠴᠢᠬᠤ ᠠᠴᠠ ᠪᠣᠯᠭᠤᠮᠵᠢᠯᠠᠭᠠᠷᠠᠢ ᠃ ᠪᠠᠭᠤᠳᠠᠯᠯᠠᠬᠤ ᠭᠠᠵᠠᠷ ᠤᠨ ᠲᠣᠭᠲᠠᠭᠠᠯ ᠢ ᠵᠢᠷᠤᠮᠯᠠᠨ ᠰᠠᠬᠢᠵᠤ᠂ | ᠳᠤᠷ᠎ᠠ ᠪᠠᠷ ᠢᠶᠠᠨ ᠭᠠᠯ ᠬᠡᠷᠡᠭᠯᠡᠬᠦ ᠦᠭᠡᠢ᠂ ᠰᠠᠯᠬᠤ ᠦᠶ᠎ᠡ ᠳᠤ ᠭᠠᠯ ᠤᠨ ᠡᠬᠢ ᠰᠤᠷᠪᠤᠯᠵᠢ ᠶᠢ ᠪᠦᠷᠢᠮᠦᠰᠦᠨ | ᠤᠨᠲᠠᠷᠠᠭᠠᠬᠤ ᠶᠢ ᠪᠠᠲᠤᠯᠠᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ᠄ ᠬᠤᠭ ᠨᠣᠪᠰᠢ ᠪᠠᠨ ᠴᠥᠮ ᠬᠤᠭ ᠤᠨ ᠤᠭᠤᠲᠠᠨ ᠳᠤ ᠬᠢᠵᠦ᠂ | ᠪᠠᠭᠤᠳᠠᠯᠯᠠᠬᠤ ᠭᠠᠵᠠᠷ ᠤᠨ ᠤᠷᠭᠤᠮᠠᠯ ᠤᠨ ᠬᠤᠴᠢᠯᠭ᠎ᠠ ᠪᠠ ᠪᠠᠶᠢᠭᠠᠯᠢ ᠶᠢᠨ ᠦᠵᠡᠮᠵᠢ ᠶᠢ ᠡᠪᠳᠡᠬᠦ ᠥᠬᠡᠶ ᠪᠠᠶᠢᠵᠤ᠂ | ᠰᠢᠭᠤᠶᠢᠲᠤ ᠲᠣᠭᠤᠷᠢᠭ ᠤᠨ ᠦᠵᠡᠰᠬᠦᠯᠡᠩᠲᠦ ᠰᠠᠶᠢᠬᠠᠨ ᠬᠡᠭᠡᠷ᠎ᠡ ᠪᠠᠭᠤᠳᠠᠯᠯᠠᠬᠤ ᠭᠠᠵᠠᠷ ᠢ ᠬᠠᠮᠲᠤᠪᠠᠷ ᠰᠠᠬᠢᠨ | ᠬᠠᠮᠠᠭᠠᠯᠠᠨ᠎ᠠ᠃ | ᠴᠠᠭ ᠠᠭᠤᠷ ᠤᠨ ᠪᠠᠢᠳᠠᠯ ᠢ ᠤᠷᠢᠳᠴᠢᠯᠠᠨ ᠪᠠᠶᠢᠴᠠᠭᠠᠬᠤ᠄ ᠰᠢᠭᠤᠶᠢᠲᠤ ᠶᠢᠨ ᠴᠠᠭ ᠠᠭᠤᠷ ᠢ | ᠤᠷᠢᠳᠴᠢᠯᠠᠨ ᠣᠶᠢᠯᠠᠭᠠᠵᠤ᠂ ᠮᠠᠭᠤ ᠴᠠᠭ ᠠᠭᠤᠷ ᠠᠴᠠ ᠵᠠᠶᠢᠯᠠᠵᠤ ᠭᠠᠳᠠᠭᠰᠢ ᠭᠠᠷᠤᠨ᠎ᠠ ᠃ ᠬᠡᠷᠪᠡ ᠭᠡᠨᠡᠳᠲᠡ ᠶᠢᠨ | ᠠᠭᠤᠷ ᠠᠮᠢᠰᠬᠤᠯ ᠲᠣᠬᠢᠶᠠᠯᠳᠤᠪᠠᠯ᠂ ᠪᠠᠭᠤᠳᠠᠯᠯᠠᠬᠤ ᠭᠠᠵᠠᠷ ᠤᠨ ᠠᠵᠢᠯᠲᠠᠨ ᠤ ᠲᠣᠬᠢᠷᠠᠭᠤᠯᠤᠯᠲᠠ ᠶᠢ ᠰᠣᠨᠣᠰᠴᠤ᠂ | ᠴᠠᠭ ᠲᠤᠬᠠᠶ ᠳᠤᠨᠢ ᠠᠮᠤᠷ ᠲᠦᠪᠰᠢᠨ ᠣᠷᠣᠨ ᠳᠤ ᠰᠢᠯᠵᠢᠬᠦ ᠬᠡᠷᠡᠭᠲᠡᠶ᠃ ᠡᠳᠡᠭᠡᠷ ᠪᠡᠯᠡᠳᠭᠡᠯ ᠢᠶᠠᠨ ᠰᠠᠢᠲᠤᠷ ᠬᠢᠵᠦ᠂ | ᠰᠢᠭᠤᠶᠢᠲᠤ ᠶᠢᠨ ᠪᠠᠭᠤᠳᠠᠯᠯᠠᠬᠤ ᠭᠠᠵᠠᠷ ᠤᠨ ᠰᠠᠶᠢᠨ ᠰᠠᠶᠢᠬᠠᠨ ᠴᠠᠭ ᠦᠶ᠎ᠡ ᠶᠢ ᠬᠠᠨᠲᠠᠯ᠎ᠠ ᠡᠳ᠋ᠯᠡᠭᠡᠷᠡᠢ ︕ | |