﹇ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠢᠲᠠᠢ ᠲᠡᠩᠴᠡᠭᠦᠷᠢᠲᠡᠢ ᠡᠭᠦᠳᠦᠨ ᠪᠠᠢᠭᠤᠯᠤᠯᠲᠠ﹈ᠲᠤᠰᠬᠠᠶ ᠮᠡᠷᠭᠡᠵᠢᠯᠲᠡᠳ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ︾ ᠰᠢᠨ᠎ᠡ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠨ᠎ᠠ
ᠨᠡᠶᠢᠲᠡᠯᠡᠭᠰᠡᠨ ᠴᠠᠭ᠄
2025/6/25
        ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ ᠰᠤᠷᠭᠠᠭᠤᠯᠢ ᠳᠤ ᠣᠷᠣᠭᠤᠯᠤᠨ ᠵᠢᠯᠤᠭᠤᠳᠤᠯᠵᠤ᠂ ᠲᠤᠰᠬᠠᠢ ᠮᠡᠷᠭᠡᠵᠢᠯ ᠢᠶᠠᠷ ᠳᠠᠮᠵᠢᠨ ᠣᠨᠤᠪᠴᠢᠲᠠᠢ ᠠᠷᠭ᠎ᠠ ᠪᠣᠳᠣᠯᠭ᠎ᠠ ᠠᠪᠴᠤ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠃
图片1.png
        ᠲᠤᠰᠬᠠᠶ ᠮᠡᠷᠭᠡᠵᠢᠯᠲᠡᠨ ᠤ ᠪᠦᠯᠬᠦᠮ ᠨᠢ ᠲᠤᠰᠬᠠᠶ ᠮᠡᠷᠭᠡᠵᠢᠯ ᠤᠨ ᠣᠪᠣᠷ ᠢ ᠪᠠᠷᠢᠮᠲᠠᠯᠠᠵᠤ᠂ ᠲᠤᠬᠠᠶ ᠶᠢᠨ ᠭᠠᠵᠠᠷ ᠲᠤᠨᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠰᠤᠷᠪᠤᠯᠵᠢᠯᠠᠵᠤ᠂ ᠰᠣᠶᠣᠯ ᠢᠶᠠᠷ ᠬᠥᠮᠦᠨ ᠢ ᠬᠥᠮᠦᠵᠢᠭᠦᠯᠬᠦ ᠣᠶᠢᠯᠠᠭᠠᠭᠳᠠᠬᠤᠨ ᠲᠠᠢ ᠬᠠᠷᠭᠤᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠰᠢᠯᠢᠳᠡᠭᠵᠢᠭᠦᠯᠬᠦ ᠲᠥᠰᠦᠯ ᠢ ᠳᠤᠷᠠᠳᠪᠠ︔ ᠬᠢᠴᠢᠶᠡᠯ ᠤᠨ ᠲᠥᠰᠦᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠰᠢᠨᠵᠢᠯᠡᠭᠡᠨ ᠤ ᠰᠠᠯᠠᠭᠠᠨ ᠤ ᠪᠤᠰᠤ ᠲᠥᠷᠥᠯ ᠤᠨ ᠬᠢᠴᠢᠶᠡᠯ ᠤᠨ ᠲᠠᠩᠬᠢᠮ ᠳᠤ ᠣᠷᠣᠵᠤ ᠬᠢᠴᠢᠶᠡᠯ ᠰᠣᠨᠣᠰᠴᠤ᠂ ᠬᠢᠴᠢᠶᠡᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠵᠠᠳᠠᠯᠪᠠ︔ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠶ ᠬᠢᠨᠠᠨ ᠪᠠᠶᠢᠴᠠᠭᠠᠵᠤ᠂ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠵᠢᠷᠤᠮᠵᠢᠯᠳᠤ ᠴᠢᠨᠠᠷ ᠪᠠ ᠰᠢᠰᠲ᠋ᠧᠮᠲᠦ ᠴᠢᠨᠠᠷ ᠲᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠳᠤ ᠬᠦᠴᠦᠨ ᠨᠡᠮᠡᠷᠢᠯᠡᠪᠡ ︔ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠶᠣᠰᠣ ᠰᠤᠷᠲᠠᠬᠤᠨ ᠤ ᠬᠥᠮᠦᠵᠢᠯ ᠵᠡᠷᠭᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ︽ᠨᠢᠭᠡ ᠳᠤ ᠨᠢᠭᠡ ︾ ᠭᠦᠨᠵᠡᠭᠡᠶ ᠰᠣᠯᠢᠯᠴᠠᠭ᠎ᠠ ᠬᠢᠵᠦ᠂ ᠰᠤᠷᠭᠠᠭᠤᠯᠢ ᠶᠢᠨ ᠬᠦᠭᠵᠢᠯᠲᠡ ᠶᠢᠨ ᠳᠤᠮᠳᠠ  ᠣᠷᠣᠰᠢᠵᠤ ᠪᠠᠶᠢᠭ᠎ᠠ ᠠᠰᠠᠭᠤᠳᠠᠯ ᠢ ᠣᠨᠤᠪᠴᠢᠲᠠᠢ ᠡᠵᠡᠮᠳᠡᠵᠦ᠂ ᠲᠣᠰ ᠪᠡᠶ᠎ᠡ ᠶᠢᠨ ᠡᠯᠪᠡᠭ ᠪᠠᠶᠠᠯᠢᠭ ᠲᠤᠷᠰᠢᠯᠭ᠎ᠠ  ᠲᠠᠢ ᠪᠠᠨ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠤᠨ ᠠᠵᠢᠯ ᠳᠤ ᠬᠠᠨᠳᠤᠯᠭᠠᠲᠤ ᠴᠢᠨᠠᠷᠲᠠᠶ ᠵᠢᠯᠣᠭᠤᠳᠣᠯᠭ᠎ᠠ ᠬᠠᠩᠭᠠᠪᠠ᠃
图片2.png
        ᠪᠥᠬᠦ ᠲᠠᠯ᠎ᠠ ᠪᠠᠷ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠪᠠᠷ ᠳᠡᠮᠵᠢᠨ᠂ ᠲᠤᠰᠬᠠᠶ ᠮᠡᠷᠭᠡᠵᠢᠯᠲᠡᠨ ᠤ ᠪᠦᠯᠬᠦᠮ ᠰᠤᠷᠭᠠᠭᠤᠯᠢ ᠨᠢᠭᠡᠪᠦᠷᠢ ᠳᠤ ᠨᠠᠷᠢᠨ ᠲᠣᠳᠣᠷᠬᠠᠶ ᠵᠢᠯᠣᠭᠤᠳᠬᠤ ᠰᠠᠨᠠᠯ ᠤᠨ ᠪᠢᠴᠢᠭ ᠢ ᠲᠣᠭᠲᠠᠭᠠᠭᠰᠠᠨ ᠪᠥᠭᠡᠳ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠳ ᠡᠯ᠎ᠡ ᠰᠤᠷᠭᠠᠭᠤᠯᠢ ᠶᠢᠨ ᠳᠠᠪᠠᠭᠤᠯᠢᠭ ᠪᠣᠯᠤᠨ ᠬᠦᠷᠦᠯᠴᠡᠬᠦ ᠥᠬᠡᠶ ᠲᠠᠯ᠎ᠠ ᠶᠢ ᠰᠢᠰᠲ᠋ᠧᠮ ᠲᠠᠢ ᠡᠮᠬᠢᠯᠡᠵᠦ᠂ ᠪᠣᠳᠠᠲᠠᠶ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠰᠠᠨᠠᠭᠤᠯᠭ᠎ᠠ ᠪᠣᠯᠤᠨ ᠠᠯᠤᠰ ᠬᠡᠲᠦ ᠶᠢᠨ ᠬᠥᠭᠵᠢᠯᠲᠡ ᠶᠢᠨ ᠲᠥᠯᠥᠪᠵᠢᠭᠦᠯᠭᠡ ᠳᠤᠷᠠᠳᠴᠠᠶ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠯ᠎ᠡ ᠵᠦᠢᠯ ᠤᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠪᠠᠲᠤᠯᠠᠵᠤ᠂ ᠮᠠᠨ ᠤ ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号