ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ  — ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ︵2024 ᠣᠨ ᠤ ᠬᠡᠪᠯᠡᠯ︶ ᠶᠢᠨ ᠨᠡᠶᠢᠲᠡᠯᠡᠯ
ᠨᠡᠶᠢᠲᠡᠯᠡᠭᠰᠡᠨ ᠴᠠᠭ᠄
2025/6/25
            ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ  — ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ︵2024 ᠣᠨ ᠤ ᠬᠡᠪᠯᠡᠯ︶ᠨᠢᠭᠡ᠂ ᠦᠨᠳᠦᠰᠦᠨ ᠮᠡᠳᠡᠯᠭᠡ ᠪᠠ ᠣᠶᠢᠯᠠᠭᠠᠭᠳᠠᠬᠤᠨ1. ᠡᠷᠡᠭᠦᠯ ᠮᠡᠨᠳᠦ  ᠨᠢ ᠵᠥᠪᠬᠡᠨ ᠡᠪᠡᠳᠴᠢᠨ ᠡᠮᠭᠡᠭ ᠦᠭᠡᠢ ᠪᠤᠶᠤ ᠪᠠᠭᠤᠷᠠᠢ ᠲᠡᠳᠦᠢ ᠪᠢᠰᠢ᠂ ᠬᠠᠷᠢᠨ ᠪᠡᠶ᠎ᠡ ᠮᠠᠬᠠᠪᠣᠳ᠂ ᠰᠡᠳᠬᠢᠴᠡ ᠪᠠ ᠨᠡᠶᠢᠭᠡᠮ ᠳᠤ ᠵᠣᠬᠢᠴᠠᠬᠤ ᠰᠠᠶᠢᠨ ᠰᠠᠶᠢᠬᠠᠨ ᠪᠠᠶᠢᠳᠠᠯ ᠪᠣᠯᠤᠨ᠎ᠠ᠃ ᠤᠷᠢᠳᠴᠢᠯᠠᠨ ᠰᠡᠷᠭᠡᠶᠢᠯᠡᠬᠦ ᠪᠣᠯ ᠡᠷᠡᠭᠦᠯ ᠮᠡᠨᠳᠦ ᠶᠢ ᠠᠬᠢᠭᠤᠯᠬᠤ ᠬᠠᠮᠤᠭ ᠤᠨ ᠪᠦᠲᠦᠮᠵᠢᠲᠡᠢ᠂ ᠬᠠᠮᠤᠭ ᠤᠨ ᠠᠷᠪᠢᠲᠠᠢ ᠠᠷᠭ᠎ᠠ ᠪᠠᠷᠢᠯ ᠮᠥᠨ᠃2. ᠠᠷᠠᠳ ᠢᠷᠭᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠤᠯᠢ ᠪᠠᠷ  ᠬᠠᠮᠠᠭᠠᠯᠠᠵᠤ ᠪᠤᠢ ᠂ ᠬᠦᠮᠦᠨ ᠪᠦᠬᠦᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠᠨ ᠬᠠᠮᠠᠭᠠᠯᠠᠬᠤ ᠪᠣᠯᠤᠨ ᠪᠤᠰᠤᠳ ᠤᠨ ᠡᠷᠡᠭᠦᠯ ᠮᠡᠨᠳᠦ ᠶᠢ ᠬᠤᠬᠢᠷᠠᠭᠤᠯᠬᠤ ᠦᠭᠡᠢ ᠪᠠᠶᠢᠬᠤ ᠬᠠᠷᠢᠭᠤᠴᠠᠯᠭ᠎ᠠ ᠲᠠᠢ᠃3. ᠡᠷᠡᠭᠦᠯ ᠮᠡᠨᠳᠦ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠲᠣᠰ ᠪᠡᠶ᠎ᠡ ᠶᠢᠨ ᠡᠷᠡᠭᠦᠯ ᠮᠡᠨᠳᠦ ᠪᠠᠨ ᠬᠠᠮᠠᠭᠠᠯᠠᠨ ᠠᠬᠢᠭᠤᠯᠤᠨ᠎ᠠ ᠃4. ᠣᠷᠴᠢᠨ ᠲᠣᠭᠤᠷᠢᠨ ᠬᠢᠭᠡᠳ ᠡᠷᠡᠭᠦᠯ ᠡᠩᠬᠡ ᠨᠢᠭᠲᠠ ᠬᠤᠯᠪᠣᠭ᠎ᠠ ᠲᠠᠢ ᠂ ᠣᠷᠴᠢᠨ ᠲᠣᠭᠤᠷᠢᠨ ᠢ ᠬᠠᠮᠠᠭᠠᠯᠠᠬᠤ  ᠨᠢ ᠂ ᠡᠷᠡᠭᠦᠯ ᠮᠡᠨᠳᠦ ᠶᠢ ᠠᠬᠢᠭᠤᠯᠤᠨ᠎ᠠ ᠃5. ᠦᠨ᠎ᠡ ᠲᠥᠯᠥᠪᠦᠷᠢ ᠦᠭᠡᠶ ᠪᠠᠷ ᠴᠢᠰᠤ ᠪᠠᠨ ᠥᠭᠬᠦ ᠂ ᠪᠤᠰᠤᠳ ᠢ ᠬᠠᠪᠰᠤᠷᠤᠨ ᠠᠮᠢ ᠪᠠᠨ ᠪᠣᠳᠤᠨ᠎ᠠ ᠃6. ᠬᠥᠮᠦᠨ ᠪᠦᠬᠦᠨ ᠴᠥᠮ ᠡᠪᠡᠳᠴᠢᠯᠡᠭᠰᠡᠨ ᠵᠡᠮᠳᠡᠭ ᠬᠥᠮᠦᠰ ᠢ ᠬᠠᠯᠠᠮᠵᠢᠯᠠᠨ ᠬᠠᠪᠰᠤᠷᠴᠤ᠂ ᠭᠠᠳᠠᠭᠤᠷᠴᠢᠯᠠᠬᠤ ᠦᠭᠡᠢ᠃7. ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠨ᠎ᠡ᠃8. ᠴᠢᠰᠤᠨ ᠳᠠᠷᠤᠯᠲᠠ᠂ ᠪᠡᠶ᠎ᠡ ᠶᠢᠨ ᠳᠤᠯᠠᠭᠠᠨ᠂ ᠠᠮᠢᠰᠬᠤᠯ ᠪᠣᠯᠤᠨ ᠵᠢᠷᠦᠬᠡᠨ ᠤ ᠳᠠᠪᠲᠠᠮᠵᠢ ᠪᠣᠯ ᠬᠦᠮᠦᠨ ᠤ ᠪᠡᠶ᠎ᠡ ᠶᠢᠨ ᠳᠥᠷᠪᠡᠨ ᠶᠡᠭᠡ ᠠᠮᠢ ᠨᠠᠰᠤᠨ ᠤ ᠰᠢᠨᠵᠢ ᠲᠡᠮᠳᠡᠭ᠃9. ᠬᠠᠯᠳᠠᠪᠤᠷᠢᠯᠠᠬᠤ ᠡᠬᠢ᠂ ᠬᠠᠯᠳᠠᠪᠤᠷᠢᠯᠠᠬᠤ ᠠᠷᠭ᠎ᠠ ᠵᠠᠮ ᠪᠠ ᠠᠮᠠᠷᠬᠠᠨ ᠬᠠᠯᠳᠠᠪᠤᠷᠢᠯᠠᠬᠤ ᠬᠥᠮᠦᠰ ᠬᠠᠯᠳᠠᠪᠤᠷᠢᠲᠤ ᠡᠪᠡᠳᠴᠢᠨ ᠳᠡᠯᠭᠡᠷᠡᠬᠦ ᠭᠤᠷᠪᠠᠨ ᠭᠤᠭᠴᠤᠭ᠎ᠠ ᠪᠣᠯᠤᠨ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃10. ᠬᠡᠦᠬᠡᠳ ᠲᠥᠷᠥᠭᠰᠡᠨ ᠤ ᠳᠠᠷᠠᠭ᠎ᠠ ᠡᠭᠡᠯᠢᠯᠡᠭᠡ ᠶᠢᠨ ᠲᠠᠰ ᠳᠠᠷᠠᠭᠠᠯᠠᠯ ᠤᠨ ᠶᠣᠰᠣᠭᠠᠷ ᠸᠠᠺᠼᠢᠨ ᠤ ᠲᠠᠷᠢᠯᠭ᠎ᠠ ᠬᠢᠨ᠎ᠡ ᠂ ᠨᠠᠰᠤᠨ ᠳᠤ ᠭᠦᠷᠦᠭᠰᠡᠳ ᠴᠦ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠡᠪᠡᠳᠴᠢᠨ ᠡᠮᠭᠡᠭ ᠢ ᠰᠡᠷᠭᠡᠶᠢᠯᠡᠬᠦ ᠦᠷ᠎ᠡ ᠳ᠋ᠦᠩ ᠳᠤ ᠬᠦᠷᠴᠦ ᠪᠣᠯᠤᠨ᠎ᠠ᠃11. ᠠᠶᠢᠽ ᠡᠪᠡᠳᠴᠢᠨ᠂ ᠡᠯᠢᠭᠡᠨ ᠤ ᠬᠦᠬᠡᠭᠴᠢᠨ ᠦᠷᠪᠢᠰᠦᠯ ᠪᠠ C ᠬᠡᠯᠪᠡᠷᠢᠲᠦ  ᠢᠯᠢᠭᠡᠨ ᠤ ᠸᠢᠷᠦ᠋ᠰᠲᠦ ᠦᠷᠪᠢᠰᠦᠯ ᠨᠢ ᠴᠢᠰᠤ᠂ ᠪᠡᠯᠭᠡ ᠶᠢᠨ ᠬᠠᠷᠢᠴᠠᠭ᠎ᠠ ᠪᠠ ᠡᠬᠡ ᠨᠢᠯᠬ᠎ᠠ ᠵᠡᠷᠭᠡ ᠭᠤᠷᠪᠠᠨ ᠵᠦᠢᠯ ᠤᠨ ᠠᠷᠭ᠎ᠠ ᠪᠠᠷ ᠬᠠᠯᠳᠠᠪᠤᠷᠢᠯᠠᠳᠠᠭ᠂ ᠡᠳᠦᠷ ᠳᠤᠲᠤᠮ ᠤᠨ ᠠᠮᠢᠳᠤᠷᠠᠯ ᠪᠠ ᠠᠵᠢᠯ ᠤᠨ ᠬᠦᠷᠦᠯᠴᠡᠯ ᠳᠤ ᠬᠠᠯᠳᠠᠪᠤᠷᠢᠯᠠᠬᠤ ᠦᠭᠡᠢ᠃12. ᠬᠠᠨᠢᠶᠠᠬᠤ᠂ ᠴᠡᠷ ᠢᠶᠠᠷ ᠬᠠᠨᠢᠶᠠᠬᠤ 2 ᠭᠠᠷᠠᠭ ᠠᠴᠠ ᠳᠡᠭᠡᠭᠰᠢ ᠪᠤᠶᠤ ᠴᠠᠷ ᠨᠤᠯᠮᠤᠤᠰᠤ ᠳᠤ ᠴᠢᠰᠤ  ᠲᠠᠢ ᠪᠠᠶᠢᠳᠠᠯ ᠢᠯᠡᠷᠡᠪᠡᠯ᠂ ᠠᠭᠤᠰᠬᠢᠨ ᠤ ᠰᠦᠷᠢᠶ᠎ᠡ ᠣᠯᠣᠭᠰᠠᠨ  ᠡᠰᠡᠬᠦ ᠶᠢ ᠲᠤᠬᠠᠶ ᠳᠤᠨᠢ ᠪᠠᠶᠢᠴᠠᠭᠠᠬᠤ ᠬᠡᠷᠡᠭᠲᠡᠢ ︔ ᠵᠢᠷᠤᠮᠵᠢᠭᠤᠯᠤᠨ ᠵᠠᠰᠠᠬᠤ ᠶᠢ ᠪᠠᠷᠢᠮᠲᠠᠯᠠᠬᠤ  ᠬᠡᠷᠡᠭᠲᠡᠢ ᠂ ᠣᠯᠠᠩᠬᠢ ᠠᠭᠤᠰᠬᠢᠨ ᠰᠦᠷᠢᠶ᠎ᠡ ᠶᠢᠨ ᠡᠪᠡᠳᠴᠢᠲᠡᠨ ᠪᠦᠷ ᠡᠳᠡᠭᠡᠷᠡᠨ᠎ᠡ ᠃13.  ᠭᠡᠷ ᠤᠨ ᠲᠡᠵᠢᠭᠡᠪᠦᠷᠢ ᠨᠣᠬᠠᠶ ᠂ ᠮᠤᠤᠷ ᠠᠷᠢᠶᠠᠲᠠᠨ ᠳᠤ ᠭᠠᠯᠵᠠᠭᠤ ᠡᠪᠡᠳᠴᠢᠨ ᠤ ᠸᠠᠺᠼᠢᠨ ᠤ ᠲᠠᠷᠢᠯᠭ᠎ᠠ ᠬᠢᠬᠦ ᠬᠡᠷᠡᠭᠲᠡᠶ︔ ᠬᠥᠮᠦᠨ ᠨᠣᠬᠠᠶ᠂ ᠮᠤᠤᠷ ᠲᠤ ᠵᠠᠭᠤᠭᠳᠠᠵᠤ᠂  ᠮᠠᠭᠠᠵᠢᠭᠳᠠᠭᠰᠠᠨ ᠤ ᠰᠡᠭᠦᠯᠡᠷ ᠂ ᠲᠡᠷᠡ ᠳᠠᠷᠤᠶ ᠳᠤᠨᠢ ᠰᠢᠷᠬ᠎ᠠ ᠪᠠᠨ ᠤᠬᠢᠶᠠᠵᠤ ᠠᠷᠢᠭᠤᠳᠬᠠᠬᠤ ᠶᠢᠨ ᠬᠠᠮᠲᠤ ᠭᠠᠯᠵᠠᠭᠤ ᠡᠪᠡᠳᠴᠢᠨ ᠤ ᠡᠪᠡᠳᠴᠢᠲᠡᠨ ᠤ ᠪᠥᠮᠪᠥᠭᠡᠨ ᠤᠭᠤᠷᠠᠭ ︵ᠪᠤᠶᠤ ᠴᠢᠰᠤᠨ ᠴᠠᠶᠢᠪᠠᠩ ᠂ ᠲᠠᠩ ᠺᠯᠦᠩ ᠡᠰᠡᠷᠭᠦᠴᠡᠭᠴᠢ︶ ᠪᠠ ᠬᠥᠮᠦᠨ ᠳᠤ ᠬᠡᠷᠡᠭᠡᠯᠡᠬᠦ ᠭᠠᠯᠵᠠᠭᠤ ᠡᠪᠡᠳᠴᠢᠨ ᠤ ᠸᠠᠺᠼᠢᠨ ᠤ ᠲᠠᠷᠢᠯᠭ᠎ᠠ ᠬᠢᠬᠦ ᠬᠡᠷᠡᠭᠲᠡᠶ᠃14. ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠤᠤᠮ᠎ᠠ ᠵᠡᠷᠭᠡ ᠨᠢ ᠣᠯᠠᠨ ᠵᠦᠢᠯ ᠤᠨ ᠡᠪᠡᠳᠴᠢᠨ ᠬᠠᠯᠳᠠᠪᠤᠷᠢᠯᠠᠳᠠᠭ᠃15. ᠡᠪᠡᠳᠴᠢᠨ ᠢᠶᠠᠷ ᠦᠬᠦᠭᠰᠡᠨ ᠵᠢᠭᠦᠷᠲᠡᠨ ᠢ ᠢᠳᠡᠭᠡᠨ ᠳᠤ ᠬᠡᠷᠡᠭᠯᠡᠬᠦ ᠦᠭᠡᠢ᠃ ᠬᠡᠭᠡᠷ᠎ᠡ ᠶᠢᠨ ᠠᠮᠢᠲᠠᠨ ᠢ ᠠᠩᠨᠠᠬᠤ ᠦᠭᠡᠢ᠂ ᠬᠤᠳᠠᠯᠳᠤᠬᠤ ᠦᠭᠡᠢ᠂ ᠬᠦᠷᠦᠯᠴᠡᠬᠦ ᠦᠭᠡᠢ᠂ ᠢᠳᠡᠬᠦ ᠦᠭᠡᠢ᠃16. ᠴᠢᠰᠤᠨ ᠳᠠᠷᠤᠯᠲᠠ ᠶᠢᠨ ᠬᠤᠪᠢᠷᠠᠯᠲᠠ ᠪᠠᠨ ᠠᠩᠬᠠᠷᠴᠤ ᠥᠨᠳᠥᠷ ᠴᠢᠰᠤᠨ ᠳᠠᠷᠤᠯᠲᠠ ᠶᠢᠨ ᠠᠶᠤᠯᠲᠠᠢ ᠬᠦᠴᠦᠨ ᠵᠦᠢᠯ ᠢ ᠬᠢᠵᠠᠭᠠᠷᠯᠠᠵᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠰᠠᠢᠲᠤᠷ ᠬᠢᠬᠦ ᠬᠡᠷᠡᠭᠲᠡᠢ᠃17. ᠴᠢᠰᠤᠨ ᠰᠢᠬᠢᠷ ᠤᠨ ᠬᠤᠪᠢᠷᠠᠯᠲᠠ ᠪᠠᠨ ᠠᠩᠬᠠᠷᠴᠤ᠂ ᠰᠢᠬᠢᠷ ᠰᠢᠵᠢᠩ ᠡᠪᠡᠳᠴᠢᠨ ᠤ ᠠᠶᠤᠯᠲᠠᠢ ᠬᠦᠴᠦᠨ ᠵᠦᠢᠯ ᠢ ᠬᠢᠵᠠᠭᠠᠷᠯᠠᠵᠤ᠂ ᠰᠢᠬᠢᠷ ᠰᠢᠵᠢᠩ ᠡᠪᠡᠳᠴᠢᠲᠡᠶ ᠡᠪᠡᠳᠴᠢᠲᠡᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠰᠠᠶᠢᠲᠤᠷ ᠬᠢᠬᠦ ᠬᠡᠷᠡᠭᠲᠡᠶ᠃18. ᠠᠭᠤᠰᠬᠢᠨ ᠤ ᠴᠢᠳᠠᠮᠵᠢ ᠪᠠᠨ ᠠᠩᠬᠠᠷᠴᠤ᠂ ᠤᠳᠠᠭᠠᠨ ᠴᠢᠨᠠᠷᠲᠠᠶ ᠠᠭᠤᠰᠬᠢᠨ ᠠᠶᠤᠯ ᠤᠨ ᠬᠦᠴᠦᠨ ᠵᠦᠢᠯ ᠢ ᠬᠢᠵᠠᠭᠠᠷᠯᠠᠵᠤ᠂ ᠤᠳᠠᠭᠠᠨ ᠴᠢᠨᠠᠷᠲᠠᠶ ᠠᠭᠤᠰᠬᠢᠨ ᠡᠪᠡᠳᠴᠢᠲᠡᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠰᠠᠶᠢᠲᠤᠷ ᠬᠢᠬᠦ ᠬᠡᠷᠡᠭᠲᠡᠶ᠃19. ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠳᠤ ᠢᠳᠡᠪᠬᠢᠲᠡᠶ ᠣᠷᠣᠯᠴᠠᠵᠤ᠂ ᠥᠮᠡᠨ ᠡᠪᠡᠳᠴᠢᠨ ᠪᠠ ᠥᠮᠡᠨ ᠡᠪᠡᠳᠴᠢᠨ ᠤ ᠡᠮᠦᠨᠡᠬᠢ ᠡᠪᠡᠳᠴᠢᠨ ᠤ ᠬᠤᠪᠢᠷᠠᠯᠲᠠ ᠶᠢ ᠡᠷᠲᠡᠬᠡᠨ ᠢᠯᠡᠷᠡᠭᠦᠯᠬᠦ ᠬᠡᠷᠡᠭᠲᠡᠶ᠃20. ᠶᠠᠰᠤ ᠰᠡᠶᠢᠷᠡᠭᠵᠢᠬᠦ ᠶᠢ ᠰᠡᠷᠭᠡᠶᠢᠯᠡᠵᠦ᠂ ᠠᠷᠤᠭ ᠶᠠᠰᠤᠨ ᠤ ᠡᠷᠡᠭᠦᠯ ᠮᠡᠨᠳᠦ ᠶᠢ ᠠᠬᠢᠭᠤᠯᠤᠨ᠎ᠠ᠃21. ᠨᠠᠰᠤᠲᠠᠨ ᠢ ᠬᠠᠯᠠᠮᠵᠢᠯᠠᠨ ᠬᠠᠶᠢᠷᠠᠯᠠᠵᠤ᠂ ᠨᠠᠰᠤᠲᠠᠢᠴᠤᠳ ᠤᠨ ᠣᠶᠢᠴᠢᠵᠤ ᠤᠨᠠᠬᠤ ᠶᠢ ᠰᠡᠷᠭᠡᠶᠢᠯᠡᠵᠦ ᠂  ᠦᠲᠡᠯᠦᠭᠰᠡᠳ ᠵᠦᠨᠦᠳᠡᠭ ᠭᠡᠮ ᠢ ᠢᠯᠭᠠᠨ ᠲᠠᠨᠢᠬᠤ ᠬᠡᠷᠡᠭᠲᠡᠢ᠃22. ᠵᠠᠯᠠᠭᠤᠴᠤᠳ ᠪᠠᠭᠠᠴᠤᠳ ᠪᠣᠯᠤᠨ ᠡᠮᠡᠭᠲᠡᠶᠢᠴᠦᠳ ᠤᠨ ᠦᠷᠡᠵᠢᠯ ᠤᠨ ᠡᠷᠡᠭᠦᠯ ᠮᠡᠨᠳᠦ ᠶᠢ ᠬᠠᠯᠠᠮᠵᠢᠯᠠᠵᠤ᠂ ᠠᠮᠤᠷ ᠲᠦᠪᠰᠢᠨ᠂ ᠲᠣᠬᠢᠷᠠᠮᠵᠢᠲᠠᠶ ᠵᠢᠷᠮᠦᠰᠦᠯᠡᠬᠦ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠰᠣᠩᠭᠤᠵᠤ᠂ ᠰᠠᠨᠠᠭᠠᠨ ᠳᠤ ᠦᠭᠡᠶ ᠪᠠᠷ ᠵᠢᠷᠮᠦᠰᠦᠯᠡᠬᠦ ᠶᠢ ᠰᠡᠷᠭᠡᠶᠢᠯᠡᠬᠦ ᠪᠠ ᠪᠠᠭᠠᠰᠬᠠᠵᠤ᠂ ᠦᠷᠡᠵᠢᠯ ᠤᠨ ᠴᠢᠳᠠᠪᠤᠷᠢ ᠶᠢ ᠬᠠᠮᠠᠭᠠᠯᠠᠬᠤ ᠬᠡᠷᠡᠭᠲᠡᠶ᠃23. ᠬᠥᠳᠡᠯᠮᠦᠷᠢᠴᠢᠳ ᠬᠠᠤᠯᠢ ᠶᠣᠰᠣᠭᠠᠷ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ ᠡᠷᠬᠡ ᠲᠠᠢ︔ ᠬᠥᠳᠡᠯᠮᠦᠷᠢᠴᠢᠳ ᠠᠵᠢᠯ ᠤᠨ ᠪᠠᠶᠢᠷᠢ ᠪᠠ ᠠᠵᠢᠯ ᠤᠨ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠬᠤᠤᠷ ᠬᠥᠨᠥᠭᠡᠯ ᠤᠨ ᠬᠦᠴᠦᠨ ᠵᠦᠢᠯ ︵ᠵᠢᠱᠢᠶᠡᠯᠡᠪᠡᠯ ᠲᠣᠭᠤᠰᠣ᠂ ᠱᠤᠤᠭᠢᠶᠠᠨ᠂ ᠬᠤᠤᠷ ᠬᠥᠨᠥᠭᠡᠯ ᠲᠠᠢ ᠬᠡᠢ ᠪᠡᠶᠡᠲᠦ ᠵᠡᠷᠭᠡ︶ ᠢ ᠣᠶᠢᠯᠠᠭᠠᠵᠤ᠂ ᠠᠵᠢᠯᠯᠠᠬᠤ ᠲᠦᠷᠢᠮ ᠢ ᠵᠢᠷᠤᠮᠯᠠᠨ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ᠃24. ᠡᠷᠡᠭᠦᠯᠵᠢᠯ ᠤᠨ ᠢᠳᠡᠭᠡᠨ ᠨᠢ ᠡᠮ ᠤᠨ ᠵᠦᠢᠯ ᠪᠢᠰᠢ᠂ ᠡᠷᠡᠭᠦᠯᠵᠢᠯ ᠤᠨ ᠢᠳᠡᠭᠡᠨ ᠢ ᠵᠥᠪ ᠢᠶᠠᠷ ᠰᠣᠩᠭᠤᠨ ᠬᠡᠷᠡᠭᠯᠡᠨ᠎ᠡ᠃ᠬᠤᠶᠠᠷ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠦᠢᠯᠡ ᠠᠵᠢᠯᠯᠠᠭ᠎ᠠ25. ᠪᠡᠶ᠎ᠡ ᠶᠢᠨ ᠬᠦᠨᠳᠦ ᠨᠢ ᠣᠯᠠᠨ ᠵᠦᠢᠯ ᠤᠨ ᠡᠪᠡᠳᠴᠢᠨ ᠡᠮᠭᠡᠭ  ᠲᠠᠢ  ᠬᠤᠯᠪᠤᠭᠳᠠᠨ᠎ᠠ ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢ ᠪᠠᠲᠤᠯᠠᠵᠤ᠂ ᠬᠡᠳᠦ ᠬᠦᠨᠳᠦ  ᠪᠣᠶᠤ ᠲᠠᠷᠭᠤᠯᠠᠬᠤ ᠠᠴᠠ ᠵᠠᠶᠢᠯᠠᠰᠬᠢᠬᠦ ᠬᠡᠷᠡᠭᠲᠡᠶ᠃26. ᠬᠤᠭᠤᠯᠠ ᠤᠮᠳᠠ ᠨᠢ ᠡᠷᠬᠡᠪᠰᠢ ᠠᠮᠤ ᠪᠤᠳᠠᠭᠠᠨ ᠤ ᠲᠥᠷᠥᠯ ᠢᠶᠠᠷ ᠭᠤᠣᠯ ᠪᠣᠯᠭᠠᠨ᠂ ᠢᠳᠡᠰᠢᠨ ᠨᠣᠭᠤᠭ᠎ᠠ᠂ ᠵᠢᠮᠢᠰ ᠪᠠ ᠲᠥᠮᠦᠰᠦᠨ ᠤ ᠵᠦᠢᠯ ᠢ ᠢᠯᠡᠭᠦᠦ ᠢᠳᠡᠵᠦ᠂  ᠮᠢᠬ᠎ᠠ ᠨᠣᠭᠤᠭ᠎ᠠ ᠪᠠ ᠪᠦᠳᠦᠭᠦᠯᠢᠭ ᠨᠠᠷᠢᠯᠢᠭ ᠢ ᠲᠣᠬᠢᠷᠠᠭᠤᠯᠬᠤ ᠶᠢ ᠠᠩᠬᠠᠷᠴᠤ ᠂ ᠬᠤᠭᠤᠯᠠ ᠢᠳᠡᠬᠦ ᠦᠭᠡᠶ᠂ ᠬᠤᠭᠤᠯᠠ ᠭᠤᠯᠤᠬᠤ ᠦᠭᠡᠢ ᠪᠠᠶᠢᠬᠤ ᠬᠡᠷᠡᠭᠲᠡᠶ᠃27. ᠬᠤᠭᠤᠯᠠ ᠤᠮᠳᠠ ᠳᠤ ᠬᠥᠩᠭᠡᠨ ᠬᠤᠭᠤᠯᠠ ᠢᠳᠡᠵᠦ ᠂ ᠳᠠᠪᠤᠰᠤ ᠪᠠᠭ᠎ᠠ᠂ ᠲᠣᠰᠣ ᠪᠠᠭ᠎ᠠ᠂ ᠰᠢᠬᠢᠷ ᠪᠠᠭ᠎ᠠ ᠬᠡᠷᠡᠭᠯᠡᠵᠦ᠂ ᠬᠢᠷᠢ ᠲᠡᠩᠴᠡᠭᠰᠡᠨ ᠢᠤᠳ᠋ ᠲᠠᠢ ᠳᠠᠪᠤᠰᠤ ᠬᠡᠷᠡᠭᠯᠡᠬᠦ  ᠬᠡᠷᠡᠭᠲᠡᠢ ᠃28. ᠡᠳᠦᠷ ᠪᠦᠷᠢ ᠰᠦ ᠶᠢᠨ ᠲᠥᠷᠥᠯ᠂ ᠪᠤᠷᠴᠠᠭ ᠤᠨ ᠵᠦᠢᠯ ᠵᠢᠴᠢ ᠲᠡᠭᠦᠨ ᠤ ᠦᠢᠯᠡᠳᠬᠦᠨ ᠢᠳᠡᠬᠦ ᠶᠢ ᠰᠠᠨᠠᠭᠠᠴᠢᠯᠠᠵᠤ᠂ ᠵᠣᠬᠢᠬᠤ ᠬᠡᠮᠵᠢᠶ᠎ᠡ ᠪᠠᠷ ᠬᠠᠲᠠᠭᠤ ᠵᠢᠮᠢᠰ ᠢᠳᠡᠨ᠎ᠡ᠃29. ᠲᠦᠭᠦᠬᠡᠢ ᠪᠠ ᠪᠣᠯᠭᠤᠭᠰᠠᠨ ᠢᠳᠡᠭᠡᠨ ᠢ ᠰᠠᠯᠭᠠᠨ ᠬᠠᠳᠠᠭᠠᠯᠠᠵᠤ ᠪᠣᠯᠪᠠᠰᠤᠷᠠᠭᠤᠯᠬᠤ ᠬᠡᠷᠡᠭᠲᠡᠢ᠂ ᠲᠦᠭᠦᠬᠡᠢ ᠢᠳᠡᠰᠢᠨ ᠨᠣᠭᠤᠭ᠎ᠠ ᠵᠢᠮᠢᠰ ᠢ ᠤᠬᠢᠶᠠᠵᠤ ᠴᠡᠪᠡᠷᠯᠡᠬᠦ ᠬᠡᠷᠡᠭᠲᠡᠢ᠂ ᠴᠢᠨᠠᠷ ᠨᠢ ᠬᠤᠪᠢᠷᠠᠭᠰᠠᠨ᠂ ᠴᠢᠨᠠᠷ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠢᠳᠡᠬᠦ ᠦᠭᠡᠢ᠃30. ᠢᠳᠡᠭᠡᠨ ᠤᠮᠳᠠᠭᠠᠨ ᠢ ᠨᠠᠨᠳᠢᠩᠨᠠᠨ ᠰᠦᠢᠳᠬᠡᠬᠦ ᠦᠭᠡᠢ᠂ ᠨᠡᠶᠢᠲᠡ ᠶᠢᠨ ᠰᠠᠪᠬ᠎ᠠ ᠬᠤᠪᠢᠶᠠᠨ ᠬᠤᠭᠤᠯᠠᠯᠠᠬᠤ ᠡᠷᠡᠭᠦᠯ ᠬᠠᠮᠠᠭᠠᠯᠠᠯ ᠢ ᠡᠷᠬᠢᠮᠯᠡᠬᠦ ᠶᠢ ᠰᠠᠨᠠᠭᠠᠴᠢᠯᠠᠨ᠎ᠠ᠃31. ᠤᠤᠭᠤᠬᠤ ᠤᠰᠤᠨ ᠤ ᠠᠷᠢᠭᠤᠨ ᠴᠡᠪᠡᠷ ᠢ ᠠᠩᠬᠠᠷᠴᠤ᠂ ᠡᠳᠦᠷ ᠪᠦᠷᠢ  ᠭᠦᠢᠴᠡᠳ ᠤᠰᠤ ᠣᠣᠭᠤᠵᠤ ᠂ ᠰᠢᠬᠢᠷ ᠠᠭᠤᠯᠤᠭᠰᠠᠨ ᠤᠮᠳᠠᠭᠠᠨ ᠢ ᠤᠤᠭᠤᠬᠤ ᠦᠭᠡᠢ ᠪᠤᠶᠤ ᠪᠠᠭ᠎ᠠ ᠤᠤᠭᠤᠨ᠎ᠠ᠃32. ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠭᠵᠢᠭᠤᠯᠵᠤ᠂ ᠪᠠᠷᠢᠮᠲᠠᠯᠠᠬᠤ ᠶᠢ ᠡᠷᠬᠢᠮᠯᠡᠨ᠎ᠡ᠃ ᠡᠷᠡᠭᠦᠯ ᠴᠢᠭᠢᠷᠠᠭ ᠨᠠᠰᠤᠨ ᠳᠤ ᠬᠦᠷᠦᠭᠰᠡᠳ ᠭᠠᠷᠠᠭ ᠪᠦᠷᠢ 150 ~ 300 ᠮᠢᠨᠦ᠋ᠲ ᠤᠨ ᠳᠤᠮᠳᠠ ᠵᠡᠷᠭᠡ ᠶᠢᠨ ᠬᠦᠴᠦᠯᠡᠴᠡ ᠪᠤᠶᠤ 75 ~ 150 ᠮᠢᠨᠦ᠋ᠲ ᠤᠨ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢ ᠪᠦᠬᠦᠢ ᠬᠥᠳᠡᠯᠭᠡᠭᠡᠨ ᠬᠢᠵᠦ᠂ ᠭᠠᠷᠠᠭ ᠪᠦᠷᠢ 2 ~ 3 ᠤᠳᠠᠭ᠎ᠠ ᠡᠰᠡᠷᠭᠦᠴᠡᠨ ᠬᠤᠷᠢᠭᠯᠠᠬᠤ ᠪᠣᠯᠪᠠᠰᠤᠷᠠᠯ ᠬᠢᠬᠦ ᠬᠡᠷᠡᠭᠲᠡᠶ᠃33. ᠲᠠᠮᠠᠬᠢ ᠲᠠᠲᠠᠬᠤ ᠦᠭᠡᠢ ︵ ᠡᠯᠧᠺᠲᠷᠨ ᠲᠠᠮᠠᠬᠢ ᠪᠠᠭᠲᠠᠨ᠎ᠠ︶᠂ ᠲᠠᠮᠠᠬᠢ ᠲᠠᠲᠠᠬᠤ ᠪᠠ ᠭᠠᠷ ᠳᠠᠮᠵᠢᠭᠰᠠᠨ ᠲᠠᠮᠠᠬᠢ ᠶᠢ ᠢᠯᠡᠷᠡᠭᠦᠯᠬᠦ ᠨᠢ ᠣᠯᠠᠨ ᠵᠦᠢᠯ ᠤᠨ ᠡᠪᠡᠳᠴᠢᠨ ᠡᠮᠭᠡᠭ ᠢ ᠡᠭᠦᠰᠭᠡᠨ᠎ᠡ᠃ ᠡᠯᠧᠺᠲᠷᠣᠨ ᠲᠠᠮᠠᠬᠢᠨ ᠳᠤ ᠣᠯᠠᠨ ᠵᠦᠢᠯ ᠤᠨ ᠬᠤᠣᠷᠲᠤ ᠪᠣᠳᠠᠰ ᠠᠬᠤᠭᠤᠯᠵᠤ᠂ ᠡᠷᠡᠭᠦᠯ ᠮᠡᠨᠳᠦ ᠳᠤ ᠬᠥᠨᠥᠭᠡᠯ ᠤᠴᠠᠷᠠᠭᠤᠯᠤᠨ᠎ᠠ᠃34. ᠲᠠᠮᠠᠬᠢᠨ ᠰᠢᠨᠤᠯ ᠪᠣᠯ ᠨᠢᠭᠡ ᠵᠦᠢᠯ ᠤᠨ ᠤᠳᠠᠭᠠᠨ ᠴᠢᠨᠠᠷᠲᠠᠢ ᠰᠢᠨᠤᠯ ᠤᠨ ᠴᠢᠨᠠᠷᠲᠠᠢ ᠡᠪᠡᠳᠴᠢᠨ᠃ ᠲᠠᠮᠠᠬᠢᠨ ᠠᠴᠠ ᠭᠠᠷᠬᠤ ᠨᠢ ᠬᠡᠳᠦᠢ ᠡᠷᠲᠡ ᠪᠣᠯ ᠲᠡᠳᠦᠢ ᠰᠠᠶᠢᠨ ᠃ ᠶᠠᠮᠠᠷᠪᠠ ᠨᠠᠰᠤ ᠵᠢᠯ ᠲᠠᠮᠠᠬᠢ ᠲᠠᠲᠠᠬᠤ ᠪᠠᠨ ᠵᠣᠭᠰᠣᠬᠤ ᠨᠢ ᠪᠦᠷ ᠠᠰᠢᠭ ᠲᠠᠢ᠂ ᠲᠠᠮᠠᠬᠢ ᠲᠠᠲᠠᠬᠤ ᠪᠠᠨ ᠵᠣᠭᠰᠣᠬᠤ ᠦᠶ᠎ᠡ ᠳᠤ ᠲᠤᠰᠬᠠᠢ ᠮᠡᠷᠭᠡᠵᠢᠯ ᠤᠨ ᠲᠠᠮᠠᠬᠢ ᠵᠣᠭᠰᠣᠬᠤ ᠦᠢᠯᠡᠴᠢᠯᠡᠭᠡ ᠡᠷᠢᠵᠦ ᠪᠣᠯᠤᠨ᠎ᠠ᠃35. ᠠᠷᠢᠬᠢ ᠪᠠᠭ᠎ᠠ ᠣᠣᠭᠤᠵᠤ᠂ ᠠᠷᠢᠬᠢᠨ ᠳᠤ ᠰᠢᠨᠤᠬᠤ ᠦᠭᠡᠢ᠃36. ᠰᠡᠳᠬᠢᠴᠡ ᠶᠢᠨ ᠡᠷᠡᠭᠦᠯ ᠮᠡᠨᠳᠦ ᠪᠠᠨ ᠴᠢᠬᠤᠯᠠᠴᠢᠯᠠᠨ ᠬᠠᠮᠠᠭᠠᠯᠠᠵᠤ᠂ ᠰᠡᠳᠬᠢᠴᠡ ᠶᠢᠨ ᠠᠰᠠᠭᠤᠳᠠᠯ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠡᠷᠢᠬᠦ ᠬᠡᠷᠡᠭᠲᠡᠶ᠃37. ᠬᠦᠮᠦᠨ ᠪᠦᠬᠦᠨ ᠪᠦᠷ ᠵᠣᠪᠠᠨᠢᠬᠤ ᠪᠠ ᠪᠤᠬᠢᠨᠢᠳᠤᠬᠤ ᠰᠡᠳᠬᠢᠯᠭᠡ ᠢᠯᠡᠷᠡᠵᠦ  ᠮᠡᠳᠡᠨ᠎ᠡ ᠂ ᠵᠣᠪᠠᠨᠢᠬᠤ ᠡᠪᠡᠳᠴᠢᠨ ᠪᠣᠯᠤᠨ ᠪᠤᠬᠢᠨᠢᠳᠤᠬᠤ ᠡᠪᠡᠳᠴᠢᠨ ᠢ ᠵᠥᠪ ᠢᠶᠠᠷ ᠲᠠᠨᠢᠬᠤ ᠬᠡᠷᠡᠭᠲᠡᠢ ᠃38. ᠡᠴᠢᠭᠡ ᠡᠬᠡ ᠦᠷ᠎ᠡ ᠬᠡᠦᠬᠡᠳ ᠤᠨ ᠰᠣᠯᠢᠯᠴᠠᠭ᠎ᠠ᠂ ᠨᠠᠭᠠᠳᠴᠤ ᠲᠣᠭᠯᠠᠬᠤ ᠪᠠᠷ ᠳᠠᠮᠵᠢᠭᠤᠯᠤᠨ ᠬᠡᠦᠬᠡᠳ ᠤᠨ ᠠᠩᠬᠠᠨ ᠤ ᠬᠦᠭᠵᠢᠯᠲᠡ ᠶᠢ ᠠᠬᠢᠭᠤᠯᠤᠨ᠎ᠠ᠃ ᠰᠡᠳᠬᠢᠴᠡ ᠶᠢᠨ ᠦᠢᠯᠡ ᠠᠵᠢᠯᠯᠠᠭ᠎ᠠ ᠶᠢᠨ ᠪᠤᠶᠢᠵᠢᠯᠲᠠ ᠶᠢᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃39. ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠦᠷ ᠳᠣᠲᠤᠮ ᠤᠨ ᠠᠵᠢᠯ ᠠᠮᠢᠳᠤᠷᠠᠯ ᠵᠢᠮ᠎ᠡ ᠶᠣᠰᠤ ᠲᠠᠢ ᠪᠠᠶᠢᠵᠤ ᠂ ᠭᠦᠢᠴᠡᠳ ᠨᠦᠢᠷᠰᠤᠬᠤ ᠶᠢ ᠪᠠᠲᠤᠯᠠᠨ᠎ᠠ᠃40. ᠬᠤᠪᠢ ᠬᠦᠮᠦᠨ ᠤ ᠡᠷᠡᠭᠦᠯ ᠬᠠᠮᠠᠭᠠᠯᠠᠯ ᠢ ᠡᠷᠬᠢᠮᠯᠡᠨ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠵᠤ᠂ ᠠᠷᠢᠭᠤᠳᠬᠠᠯ ᠤᠨ ᠪᠦᠲᠦᠭᠡᠭᠳᠡᠬᠦᠨ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠬᠠᠯᠳᠠᠪᠤᠷᠢᠲᠤ ᠡᠪᠡᠳᠴᠢᠨ ᠢ ᠢᠳᠡᠪᠬᠢᠲᠡᠢ ᠰᠡᠷᠭᠡᠶᠢᠯᠡᠨ᠎ᠡ ᠃41. ᠠᠮᠠᠨ ᠬᠥᠨᠳᠡᠢ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠥᠷᠯᠥᠭᠡ ᠦᠳᠡᠰᠢ ᠰᠢᠳᠦ ᠪᠠᠨ ᠤᠭᠢᠶᠠᠵᠤ᠂ ᠬᠤᠭᠤᠯᠠᠨ ᠤ ᠳᠠᠷᠠᠭ᠎ᠠ ᠠᠮᠠ ᠪᠠᠨ ᠵᠠᠶᠢᠯᠠᠨ᠎ᠠ᠃42. ᠰᠢᠨᠵᠢᠯᠡᠬᠦ ᠤᠬᠠᠭᠠᠨᠴᠢ ᠪᠠᠷ ᠡᠮᠴᠢᠯᠡᠭᠦᠯᠵᠦ᠂ ᠴᠠᠭ ᠲᠤᠬᠠᠢ ᠳᠤ ᠨᠢ ᠡᠮᠴᠢᠯᠡᠭᠦᠯᠵᠦ᠂ ᠡᠮᠴᠢ ᠶᠢᠨ ᠤᠷᠢᠶᠠᠯᠠᠭ᠎ᠠ ᠶᠢ ᠵᠢᠷᠤᠮᠯᠠᠨ᠂ ᠣᠨᠣᠰᠢᠯᠠᠨ ᠡᠮᠨᠡᠬᠦ ᠦᠷ᠎ᠡ ᠳ᠋ᠦᠩ ᠳᠤ ᠤᠬᠠᠭᠠᠯᠢᠭ ᠬᠠᠨᠳᠤᠬᠤ ᠬᠡᠷᠡᠭᠲᠡᠢ᠃43. ᠵᠦᠢ ᠵᠣᠬᠢᠰᠲᠠᠢ ᠪᠠᠷ ᠡᠮ ᠬᠡᠷᠡᠭᠯᠡᠵᠦ ᠂ ᠡᠮ ᠣᠣᠭᠤᠵᠤ ᠳᠡᠶᠢᠯᠪᠡᠯ ᠪᠤᠯᠴᠢᠩ ᠤᠨ ᠲᠠᠷᠢᠯᠭ᠎ᠠ ᠬᠢᠬᠦ ᠦᠭᠡᠢ᠂ ᠪᠤᠯᠴᠢᠩ ᠤᠨ ᠲᠠᠷᠢᠯᠭ᠎ᠠ ᠬᠢᠵᠦ ᠳᠡᠶᠢᠯᠪᠡᠯ ᠤᠰᠤᠨ ᠡᠮ ᠶᠡᠭᠦᠯᠡᠬᠦ ᠦᠭᠡᠢ᠂ ᠡᠮᠴᠢ ᠶᠢᠨ ᠵᠢᠭᠠᠪᠤᠷᠢ ᠪᠠᠷ ᠮᠢᠺᠷᠣᠪ ᠢ ᠡᠰᠡᠷᠭᠦᠴᠡᠬᠦ ᠡᠮ ᠢ ᠬᠡᠷᠡᠭᠯᠡᠨ᠎ᠡ᠃44. ᠡᠮᠴᠢ ᠶᠢᠨ ᠰᠠᠨᠠᠭᠤᠯᠭ᠎ᠠ ᠳᠤ ᠮᠢᠨᠴᠦᠭᠦᠷᠡᠭᠦᠯᠬᠦ ᠡᠮ ᠪᠠ ᠮᠡᠳᠡᠷᠡᠯ ᠤᠨ ᠡᠮ ᠵᠡᠷᠭᠡ ᠠᠮᠠᠷᠬᠠᠨ ᠰᠢᠨᠤᠯ ᠪᠣᠯᠬᠤ ᠡᠮ ᠬᠡᠷᠡᠭᠯᠡᠵᠦ᠂ ᠡᠮ ᠳᠤ ᠲᠦᠰᠢᠭᠯᠡᠬᠦ ᠠᠴᠠ ᠰᠡᠷᠭᠡᠶᠢᠯᠡᠨ᠎ᠡ ᠃45. ᠬᠤᠤᠷᠲᠤ ᠡᠳ᠋ ᠢ ᠲᠡᠪᠴᠢᠨ᠎ᠡ ᠃46. ᠬᠥᠳᠡᠭᠡ ᠲᠣᠰᠬᠤᠨ ᠳᠤ ᠠᠷᠢᠭᠤᠨ ᠴᠡᠪᠡᠷ ᠵᠣᠷᠯᠣᠩ ᠬᠡᠷᠡᠭᠯᠡᠵᠦ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠰᠠᠶᠢᠲᠤᠷ ᠬᠠᠮᠢᠶᠠᠷᠤᠨ᠎ᠠ᠃47. ᠳᠤᠭᠤᠯᠠᠭ᠎ᠠ ᠵᠡᠭᠦᠵᠦ᠂ ᠠᠮᠤᠷ ᠲᠦᠪᠰᠢᠨ ᠤ ᠪᠦᠰᠡ ᠪᠦᠰᠡᠯᠡᠨ᠎ᠡ ︔ ᠬᠤᠷᠳᠤᠴᠠ ᠠᠴᠠ ᠬᠡᠲᠦᠷᠡᠬᠦ ᠦᠭᠡᠢ᠂ ᠠᠷᠢᠬᠢ ᠤᠤᠭᠤᠨ ᠲᠡᠷᠭᠡ ᠵᠢᠯᠣᠭᠤᠳᠬᠤ ᠦᠭᠡᠢ᠂ ᠰᠡᠳᠬᠢᠯ ᠬᠤᠪᠢᠶᠠᠭᠳᠠᠨ ᠲᠡᠷᠭᠡ ᠵᠢᠯᠣᠭᠤᠳᠬᠤ ᠦᠭᠡᠢ᠂ ᠶᠠᠳᠠᠷᠠᠵᠤ ᠵᠦᠳᠡᠷᠡᠵᠦ ᠲᠡᠷᠭᠡ ᠵᠢᠯᠤᠭᠤᠳᠬᠤ ᠦᠭᠡᠢ︔ ᠬᠡᠤᠬᠡᠳ ᠠᠮᠤᠷ ᠲᠦᠪᠰᠢᠨ ᠰᠠᠭᠤᠳᠠᠯ ᠢ ᠬᠡᠷᠡᠭᠯᠡᠵᠦ᠂ ᠵᠠᠮ ᠬᠠᠷᠢᠯᠴᠠᠭᠠᠨ ᠤ ᠭᠡᠮᠲᠦᠯ ᠢ ᠪᠠᠭᠠᠰᠬᠠᠨ᠎ᠠ᠃48. ᠬᠠᠷᠠᠵᠤ ᠬᠠᠮᠠᠭᠠᠯᠠᠬᠤ ᠪᠠ ᠰᠤᠷᠭᠠᠨ ᠬᠥᠮᠦᠵᠢᠭᠦᠯᠬᠦ ᠶᠢ ᠴᠢᠩᠭᠠᠳᠬᠠᠵᠤ᠂ ᠬᠡᠦᠬᠡᠳ ᠤᠨ ᠤᠰᠤᠨ ᠳᠤ ᠵᠢᠪᠬᠦ ᠶᠢ ᠰᠡᠷᠭᠡᠶᠢᠯᠡᠵᠦ᠂ ᠤᠰᠤᠨ ᠳᠤ ᠤᠨᠠᠭᠰᠠᠨ ᠬᠥᠮᠦᠰ ᠢ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠨ᠎ᠠ᠃49. ᠡᠪᠦᠯ ᠤᠨ ᠤᠯᠠᠷᠢᠯ ᠳᠤ ᠳᠤᠯᠠᠭᠠᠴᠠᠬᠤ ᠳᠤ ᠠᠭᠠᠷ ᠨᠡᠪᠲᠡᠷᠡᠭᠦᠯᠬᠦ ᠶᠢ ᠠᠩᠬᠠᠷᠴᠤ ᠨᠡᠭᠦᠷᠡᠰᠦᠲᠥ᠋ᠷᠥᠭᠴᠢ ᠶᠢᠨ ᠳᠠᠩ ᠢᠰᠦᠯ ᠤᠨ ᠬᠤᠤᠷᠲᠠᠯ ᠠᠴᠠ ᠰᠡᠷᠭᠡᠶᠢᠯᠡᠨ᠎ᠡ ᠃50. ᠤᠷᠤᠭᠯᠠᠬᠤ ᠠᠴᠠ ᠡᠮᠦᠨᠡᠬᠢ ᠪᠠ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠣᠬᠢᠬᠤ ᠨᠠᠰᠤᠨ ᠳᠤ ᠬᠥᠩᠭᠡᠵᠢᠬᠦ ᠪᠠ ᠵᠢᠷᠮᠦᠰᠦᠨ ᠬᠤᠭᠤᠴᠠᠭᠠᠨ ᠳᠤ ᠡᠮᠴᠢ ᠶᠢᠨ ᠱᠠᠭᠠᠷᠳᠠᠯᠭ᠎ᠠ ᠪᠠᠷ ᠵᠢᠷᠤᠮᠯᠠᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠪᠠ ᠵᠢᠷᠮᠦᠰᠦᠨ ᠤ ᠲᠦᠭᠰᠢᠭᠦᠷᠢ ᠶᠢ ᠰᠢᠭᠰᠢᠨ ᠪᠠᠶᠢᠴᠠᠭᠠᠵᠤ ᠦᠨᠡᠯᠡᠨ ᠵᠢᠱᠢᠬᠦ ᠶᠢ ᠵᠢᠷᠤᠮᠵᠢᠭᠤᠯᠵᠤ᠂ ᠡᠮᠨᠡᠯᠭᠡ ᠳᠤ ᠰᠠᠭᠤᠵᠤ ᠬᠥᠩᠭᠡᠵᠢᠨ᠎ᠡ᠃51. ᠬᠡᠦᠬᠡᠳ ᠲᠥᠷᠦᠭᠰᠡᠨ ᠤ ᠳᠠᠷᠠᠭ᠎ᠠ ᠡᠬᠡ ᠤᠨ ᠰᠦ ᠪᠠᠷ ᠡᠷᠲᠡᠬᠡᠨ ᠤᠭᠵᠢᠵᠤ᠂ 6 ᠰᠠᠷ᠎ᠠ ᠳᠦᠭᠦᠷᠪᠡᠯ ᠲᠤᠰᠠᠯᠠᠬᠤ ᠬᠤᠭᠤᠯᠠ ᠵᠣᠬᠢᠰᠲᠠᠢ ᠨᠡᠮᠡᠨ᠎ᠡ ᠃52. ᠵᠠᠯᠠᠭᠤᠴᠤᠳ ᠪᠠᠭᠠᠴᠤᠳ ᠡᠷᠡᠭᠦᠯ ᠰᠠᠷᠠᠭᠤᠯ ᠦᠢᠯᠡ ᠠᠵᠢᠯᠯᠠᠭ᠎ᠠ ᠠᠮᠢᠳᠤᠷᠠᠯ ᠤᠨ ᠠᠷᠭ᠎ᠠ ᠮᠠᠶ᠋ᠢᠭ ᠢ ᠬᠥᠮᠦᠵᠢᠭᠦᠯᠬᠦ ᠬᠡᠷᠡᠭᠲᠡᠶ᠂ ᠡᠳᠦᠷ ᠪᠦᠷᠢ ᠭᠡᠷ ᠤᠨ ᠭᠠᠳᠠᠨᠠᠬᠢ ᠬᠥᠳᠡᠯᠭᠡᠭᠡᠨ ᠢ 2 ᠴᠠᠭ ᠠᠴᠠ ᠳᠡᠭᠡᠭᠰᠢ ᠪᠠᠶᠢᠯᠭᠠᠬᠤ ᠶᠢ ᠪᠠᠷᠢᠮᠲᠠᠯᠠᠵᠤ᠂ 1 ᠠᠴᠠ ᠳᠡᠭᠡᠭᠰᠢ ᠬᠥᠳᠡᠯᠭᠡᠭᠡᠨ ᠤ ᠤᠷ᠎ᠠ ᠴᠢᠳᠠᠪᠤᠷᠢ ᠶᠢ ᠨᠡᠯᠢᠶᠡᠳ ᠰᠠᠶᠢᠨ ᠡᠵᠡᠮᠰᠢᠵᠦ᠂ ᠤᠢᠢᠷ᠎ᠠ ᠬᠠᠷᠠᠭ᠎ᠠ᠂ ᠬᠡᠳᠦ ᠬᠦᠨᠳᠦ ᠪᠠ ᠮᠠᠷᠢᠶᠠᠯᠠᠬᠤ ᠠᠴᠠ ᠰᠡᠷᠭᠡᠶᠢᠯᠡᠵᠦ᠂ ᠰᠦᠯᠵᠢᠶᠡᠨ ᠤ ᠰᠢᠨᠤᠯ ᠪᠠ ᠬᠡᠲᠦᠷᠬᠡᠢ ᠡᠷᠲᠡ ᠪᠡᠯᠭᠡ ᠶᠢᠨ ᠦᠢᠯᠡ ᠠᠵᠢᠯᠯᠠᠭ᠎ᠠ ᠠᠴᠠ ᠵᠠᠶᠢᠯᠠᠰᠬᠢᠬᠦ ᠬᠡᠷᠡᠭᠲᠡᠶ᠃ᠭᠤᠷᠪᠠ᠂ ᠦᠨᠳᠦᠰᠦᠨ ᠮᠡᠷᠭᠡᠵᠢᠯ ᠴᠢᠳᠠᠪᠤᠷᠢ53. ᠡᠷᠡᠭᠦᠯ ᠮᠡᠨᠳᠦ ᠮᠡᠳᠡᠭᠡ ᠵᠠᠩᠭᠢ ᠶᠢ ᠠᠩᠬᠠᠷᠴᠤ᠂ ᠵᠥᠪ ᠣᠨᠣᠪᠴᠢᠲᠠᠶ ᠣᠯᠵᠤ᠂ ᠢᠯᠭᠠᠨ ᠲᠣᠳᠣᠯᠠᠵᠤ᠂ ᠡᠷᠡᠭᠦᠯ ᠮᠡᠨᠳᠦ ᠮᠡᠳᠡᠭᠡ ᠵᠠᠩᠭᠢ ᠶᠢ ᠬᠡᠷᠡᠭᠯᠡᠵᠦ ᠴᠢᠳᠠᠨ᠎ᠠ᠃54. ᠢᠳᠡᠭᠡᠨ ᠤ ᠲᠡᠮᠳᠡᠭ ᠢ ᠤᠩᠰᠢᠵᠤ ᠴᠢᠳᠠᠬᠤ ᠪᠠᠶᠢᠵᠤ ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠵᠦᠶ ᠵᠣᠬᠢᠰᠲᠠᠶ ᠰᠣᠩᠭᠤᠨ᠎ᠠ᠃55. ᠦᠷᠭᠦᠯᠵᠢ ᠲᠣᠬᠢᠶᠠᠯᠳᠤᠳᠠᠭ ᠠᠶᠤᠯᠲᠤ ᠲᠡᠮᠳᠡᠭ ᠢ ᠢᠯᠭᠠᠨ ᠲᠠᠨᠢᠵᠤ᠂ ᠠᠶᠤᠯᠲᠠᠢ ᠣᠷᠴᠢᠨ ᠲᠣᠭᠤᠷᠢᠨ ᠠᠴᠠ ᠬᠤᠯᠠᠳᠠᠨ᠎ᠠ ᠃56. ᠬᠡᠷ ᠪᠦᠯᠢ ᠶᠢᠨ ᠪᠠᠶᠢᠩᠭᠤ ᠬᠡᠷᠡᠭᠯᠡᠬᠦ ᠡᠮ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠡᠮ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠢ ᠣᠩᠰᠢᠵᠤ ᠴᠢᠳᠠᠨ᠎ᠠ ᠃57. ᠰᠤᠳᠠᠯ ᠤᠨ ᠯᠤᠭᠰᠢᠯᠲᠠ᠂ ᠪᠡᠶ᠎ᠡ ᠶᠢᠨ ᠬᠦᠨᠳᠦ᠂ ᠪᠡᠶ᠎ᠡ ᠶᠢᠨ ᠳᠤᠯᠠᠭᠠᠨ ᠪᠣᠯᠤᠨ ᠴᠢᠰᠤᠨ ᠳᠠᠷᠤᠯᠲᠠ ᠶᠢ ᠬᠡᠮᠵᠢᠵᠦ ᠴᠢᠳᠠᠨ᠎ᠠ ᠃58. ᠪᠠᠴᠢᠮ ᠶᠠᠭᠠᠷᠠᠯᠲᠠᠢ ᠡᠮ ᠡᠮᠨᠡᠯᠭᠡ ᠶᠢᠨ ᠠᠪᠤᠷᠠᠨ ᠲᠤᠰᠠᠯᠠᠬᠤ ᠴᠢᠬᠤᠯᠠ ᠲᠠᠢ ᠦᠶ᠎ᠡ ᠳᠤ᠂ 120 ᠲᠦᠷᠭᠡᠨ ᠠᠪᠤᠷᠠᠬᠤ ᠤᠲᠠᠰᠤ ᠤᠲᠠᠰᠣᠳᠠᠵᠤ ᠴᠢᠳᠠᠨ᠎ᠠ ᠃59.  ᠲᠠᠷᠢᠶᠠᠨ ᠡᠮ ᠢ ᠲᠣᠬᠢᠲᠠᠶ ᠬᠠᠳᠠᠭᠠᠯᠠᠬᠤ ᠪᠠ ᠵᠥᠪ ᠬᠡᠷᠡᠭᠯᠡᠵᠦ᠂ ᠬᠡᠦᠬᠡᠳ ᠣᠶᠢᠷᠠᠲᠤᠬᠤ ᠠᠴᠠᠰᠡᠷᠭᠡᠶᠢᠯᠡᠨ᠎ᠡ᠃60. ᠠᠮᠢᠰᠬᠤᠯ᠂ ᠵᠢᠷᠦᠬᠡᠨ ᠤ ᠯᠤᠭᠰᠢᠯᠲᠠ ᠣᠭᠴᠣᠮ ᠵᠣᠭᠰᠣᠬᠤ ᠡᠪᠡᠳᠴᠢᠲᠡᠢ ᠬᠦᠮᠦᠨ ᠳᠤ ᠵᠢᠷᠦᠬᠡ ᠠᠭᠤᠰᠬᠢᠨ ᠤ ᠰᠡᠷᠭᠦᠭᠡᠯᠲᠡ ᠬᠢᠵᠦ ᠂ ᠪᠡᠶ᠎ᠡ ᠶᠢᠨ ᠭᠠᠳᠠᠨᠠᠬᠢ ᠴᠡᠴᠡᠷᠬᠢᠯᠡᠯ ᠢ ᠠᠦ᠋ᠲ᠋ᠣᠮᠠᠲ ᠵᠣᠭᠰᠣᠭᠠᠯ ᠢ ᠰᠤᠷᠴᠤ ᠬᠡᠷᠡᠭᠯᠡᠨ᠎ᠡ ᠃61. ᠰᠢᠷᠬ᠎ᠠ ᠣᠯᠵᠤ ᠴᠢᠰᠤ ᠭᠠᠷᠬᠤ ᠦᠶ᠎ᠡ ᠳᠤ ᠴᠢᠰᠤ ᠭᠠᠷᠬᠤ ᠶᠢ ᠵᠣᠭᠰᠣᠭᠠᠵᠤ᠂ ᠪᠣᠭᠤᠵᠤ ᠴᠢᠳᠠᠨ᠎ᠠ ︔ ᠶᠠᠰᠤ ᠬᠤᠭᠤᠷᠠᠭᠰᠠᠨ ᠰᠡᠵᠢᠭᠲᠡᠢ ᠰᠢᠷᠬᠠᠲᠠᠨ ᠢ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃62. ᠲᠦᠯᠡᠭᠳᠡᠵᠦ ᠬᠠᠯᠠᠭᠠᠭᠰᠠᠨ ᠰᠢᠷᠬ᠎ᠠ ᠶᠢ ᠰᠢᠢᠳᠪᠦᠷᠢᠯᠡᠵᠦ ᠴᠢᠳᠠᠨ᠎ᠠ ᠂ ᠬᠡᠪᠡᠯᠢ ᠶᠢᠨ ᠬᠡᠰᠡᠭ ᠢᠶᠠᠷ ᠳᠠᠭᠠᠷᠢᠬᠤ ᠠᠷᠭ᠎ᠠ ᠪᠠᠷ ᠠᠮᠢᠰᠬᠤᠯ ᠤᠨ ᠵᠠᠮ ᠤᠨ ᠡᠯᠳᠡᠪ ᠪᠣᠳᠠᠰ ᠢ ᠭᠠᠳᠠᠭᠰᠢᠯᠠᠭᠤᠯᠵᠤ ᠴᠢᠳᠠᠨ᠎ᠠ ᠃63. ᠴᠠᠬᠢᠯᠭᠠᠨ ᠳᠤ ᠳᠠᠭᠠᠷᠢᠭᠳᠠᠭᠰᠠᠳ ᠢ ᠠᠪᠤᠷᠠᠬᠤ ᠳᠤ ᠡᠩ ᠲᠡᠷᠢᠭᠦᠨ ᠳᠤ ᠴᠠᠬᠢᠯᠭᠠᠨ ᠡᠭᠦᠰᠭᠡᠭᠴᠢ ᠶᠢ ᠲᠠᠰᠤᠯᠵᠤ᠂ ᠴᠠᠬᠢᠯᠭᠠᠨ ᠳᠤ ᠳᠠᠭᠠᠷᠢᠭᠳᠠᠭᠰᠠᠳ  ᠲᠠᠢ ᠰᠢᠭᠤᠳ ᠬᠠᠷᠢᠯᠴᠠᠵᠤ ᠪᠣᠯᠬᠤ ᠦᠭᠡᠢ᠃64. ᠪᠠᠷᠢᠯᠭ᠎ᠠ ᠶᠢᠨ ᠭᠠᠯ ᠤᠨ ᠠᠶᠤᠯ ᠭᠠᠷᠬᠤ ᠦᠶᠡᠰ ᠭᠠᠯ ᠲᠦᠢᠮᠡᠷ ᠤᠨ ᠰᠡᠷᠡᠮᠵᠢ ᠶᠢᠨ ᠤᠲᠠᠰᠤ 119 ᠳᠤ ᠤᠲᠠᠰᠤᠳᠠᠵᠤ ᠂ ᠥᠪᠡᠷ ᠢ ᠪᠠᠨ ᠠᠪᠤᠷᠠᠵᠤ ᠠᠮᠢ ᠵᠢᠭᠤᠳᠠᠵᠤ  ᠴᠢᠳᠠᠨ᠎ᠠ ᠃65. ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠪᠠ ᠭᠠᠵᠠᠷ ᠬᠥᠳᠡᠯᠦᠯᠲᠡ ᠡᠭᠦᠰᠬᠦ ᠦᠶᠡᠰ ᠠᠶᠤᠯ ᠠᠴᠠ ᠵᠠᠶᠢᠯᠠᠬᠤ ᠵᠥᠪ ᠠᠷᠭ᠎ᠠ ᠶᠢ ᠰᠣᠩᠭᠤᠵᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠵᠤ ᠴᠢᠳᠠᠨ᠎ᠠ᠃66. ᠦᠶᠡᠷ ᠤᠰᠤᠲᠤᠯ ᠤᠨ ᠭᠠᠮᠰᠢᠭ ᠡᠭᠦᠰᠬᠦ ᠦᠶ᠎ᠡ ᠳᠤ ᠠᠶᠤᠯ ᠠᠴᠠ ᠵᠥᠪ ᠵᠠᠶᠢᠯᠠᠬᠤ ᠠᠷᠭ᠎ᠠ ᠶᠢ ᠰᠣᠩᠭᠤᠵᠤ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠵᠤ  ᠴᠢᠳᠠᠨ᠎ᠠ ᠃ 
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号