ᠵᠢᠷᠭᠤᠭᠠᠨ ᠰᠠᠷ᠎ᠠ ᠶᠢᠨ ᠪᠤᠭᠤᠲᠤ᠂ ᠡᠪᠡᠰᠦ ᠮᠣᠳᠣ ᠨᠣᠭᠤᠭᠠᠷᠠᠵᠤ᠂ ᠬᠤᠪᠣᠷ ᠰᠢᠷᠤᠢ ᠶᠢᠨ ᠠᠵᠤ | ᠦᠢᠯᠡᠰ ᠤᠨ ᠬᠥᠭᠵᠢᠯᠲᠡ ᠶᠢᠨ ᠬᠠᠯᠠᠭᠤᠨ ᠥᠷᠨᠢᠯᠲᠡ ᠵᠤᠨ ᠤ ᠨᠠᠷᠠᠨ ᠤ ᠬᠢ ᠠᠴᠠ ᠨᠡᠩ ᠭᠢᠯᠠᠯᠵᠠᠮ᠎ᠠ᠃ 6 | ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ ᠡᠷᠡᠯᠬᠡᠭᠯᠡᠨ ᠤᠷᠤᠭᠰᠢᠯᠠᠬᠤ ︿ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ﹀ | ᠤᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠰᠤᠳᠤᠯᠤᠨ ᠶᠠᠷᠢᠯᠴᠠᠬᠤ ᠬᠤᠷᠠᠯ︾ | ᠴᠢᠩᠱᠠᠨ ᠪᠠᠭᠤᠳᠠᠯ ᠳᠤ ᠶᠠᠪᠤᠭᠳᠠᠪᠠ ᠃ ᠪᠥᠬᠦ ᠤᠯᠤᠰ ᠤᠨ ᠲᠤᠰᠬᠠᠶ ᠮᠡᠷᠭᠡᠵᠢᠯᠲᠡᠨ᠂ ᠠᠵᠢᠯ ᠲᠥᠷᠥᠯ ᠤᠨ ᠬᠢᠨ | ᠭᠠᠷᠮᠠᠭᠠᠶᠢᠲᠠᠨ ᠨᠢᠭᠡ ᠲᠢᠩᠬᠢᠮ ᠳᠤ ᠴᠤᠭᠯᠠᠷᠠᠵᠤ᠂ ᠬᠥᠭᠵᠢᠯᠲᠡ ᠶᠢ ᠡᠷᠢᠯᠬᠢᠯᠡᠵᠦ᠂ ᠠᠷᠭ᠎ᠠ ᠪᠣᠳᠣᠯᠭ᠎ᠠ ᠳᠤᠷᠠᠳᠴᠤ᠂ | ᠢᠷᠡᠭᠡᠳᠦᠢ ᠶᠢᠨ ᠲᠤᠬᠠᠢ ᠶᠠᠷᠢᠯᠴᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠠᠶᠠᠨ ᠢ ᠵᠠᠮᠴᠢᠯᠠᠪᠠ᠃ | ᠡᠷᠡᠮᠡᠬᠡᠶᠢᠯᠡᠨ ᠤᠷᠤᠭᠰᠢᠯᠠᠬᠤ ᠳᠤᠮᠳᠠ ᠬᠤᠪᠣᠷ ᠰᠢᠷᠣᠢ ᠶᠢᠨ ᠠᠵᠤ ᠦᠢᠯᠡᠰ ᠤᠨ ᠭᠤᠶᠢᠳᠠ ᠰᠠᠶᠢᠬᠠᠨ | ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠭᠦᠨ ᠵᠤᠵᠠᠭᠠᠨ | ᠬᠠᠶᠢᠷ᠎ᠠ ᠰᠡᠳᠭᠢᠯᠭᠡ ᠶᠢᠨ ᠲᠤᠬᠠᠢ ᠬᠠᠩᠭᠢᠨᠠᠮ᠎ᠠ ᠬᠠᠷᠢᠭᠤᠯᠲᠠ ᠪᠣᠯᠤᠨ᠎ᠠ᠃ ︽ᠳᠡᠯᠡᠬᠡᠢ ᠶᠢᠨ ᠬᠤᠪᠣᠷ ᠰᠢᠷᠣᠢ ᠶᠢᠨ | ᠬᠤᠲᠠ ︾ ᠪᠣᠯᠤᠭᠰᠠᠨ ᠤ ᠬᠤᠪᠢ ᠳᠤ᠂ ᠪᠤᠭᠤᠲᠤ ᠬᠤᠲᠠ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ︾ | ᠤᠨ ᠪᠦᠲᠦᠭᠡᠨ ᠪᠠᠶᠢᠭᠤᠯᠤᠯᠲᠠ ᠶᠢᠨ ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠵᠦ᠂ ᠠᠵᠠ ᠲᠣᠬᠢᠶᠠᠯ ᠢ | ᠠᠮᠵᠢᠨ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ ᠠᠤᠭ᠎ᠠ ᠰᠠᠨᠠᠭ᠎ᠠ ᠡᠷᠴᠢ ᠵᠣᠷᠢᠭ ᠢᠶᠠᠷ | ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ | ᠪᠠᠶᠢᠭᠤᠯᠬᠤ ︽ᠭᠤᠣᠯ ᠵᠢᠭᠰᠠᠭᠠᠯ ᠤᠨ ᠭᠠᠵᠠᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠪᠠ᠃ | ᠬᠤᠷᠠᠯ ᠤᠨ ᠲᠠᠯᠠᠪᠠᠢ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ | ᠮᠡᠷᠭᠡᠵᠢᠯᠲᠡᠨ ᠵᠠᠩ ᠬᠤᠩ ᠵᠢᠶᠧ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠲᠤᠰᠬᠠᠢ | ᠮᠡᠷᠭᠡᠵᠢᠯᠲᠡᠨ ᠯᠢ ᠸᠧᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ | ᠵᠢᠶᠠᠩ ᠴᠧᠩ ᠪᠦᠦ ᠵᠡᠷᠭᠡ ᠠᠵᠢᠯ ᠲᠦᠷᠦᠯ ᠤᠨ ᠬᠢᠨ ᠤ ︽ᠭᠠᠷᠮᠠᠭᠠᠶᠢᠲᠠᠨ ︾ ᠤ ᠦᠨᠡᠨ ᠮᠡᠳᠡᠯᠭᠡ ᠨᠡᠪᠲᠡᠷᠬᠡᠢ | ᠦᠵᠡᠯᠲᠡ ᠨᠢ ᠪᠠᠶᠢᠨ ᠪᠠᠶᠢᠨ ᠴᠤᠤᠷᠢᠶᠠᠳᠤᠨ᠎ᠠ ︔ ᠬᠤᠷᠠᠯ ᠤᠨ ᠲᠠᠯᠠᠪᠠᠢ ᠶᠢᠨ ᠭᠠᠳᠠᠨ᠎ᠠ᠂ ᠤᠮᠠᠷᠠᠲᠤ ᠶᠢᠨ ᠬᠤᠪᠣᠷ | ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠪᠣᠯᠪᠠᠰᠤᠷᠠᠭᠤᠯᠤᠨ ᠲᠡᠰ ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ | ᠲᠦᠷᠦᠯ ᠵᠦᠢᠯ ᠪᠣᠯᠤᠨ ᠤᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠡᠳᠦᠷ ᠰᠥᠨᠢ ᠦᠭᠡᠢ ᠠᠵᠢᠯᠯᠠᠵᠤ᠂ ︽ | ᠬᠤᠪᠣᠷ ᠰᠢᠷᠣᠢ ᠶᠢᠨ ᠬᠦᠴᠦᠷᠬᠡᠭ ᠤᠯᠤᠰ︾ ᠤᠨ ᠰᠦᠷ ᠵᠢᠪᠬᠤᠯᠠᠩᠲᠤ ᠬᠥᠭᠵᠢᠮ ᠢ ᠬᠠᠩᠭᠢᠨᠠᠭᠤᠯᠪᠠ᠃ | ᠡᠷᠳᠡᠮᠲᠡᠨ ᠮᠡᠷᠭᠡᠳᠬᠤᠷᠠᠨ ᠴᠤᠭᠯᠠᠷᠠᠵᠤ ᠰᠢᠨ᠎ᠡ ᠶᠢ ᠡᠭᠦᠳᠬᠦ ᠬᠦᠭᠵᠢᠯᠲᠡ ᠶᠢ ᠬᠠᠮᠲᠤ ᠪᠠᠷ | ᠰᠦᠪᠡᠭᠴᠢᠯᠡᠨ ᠠᠬᠢᠭᠤᠯᠤᠨ᠎ᠠ | ᠰᠤᠳᠤᠯᠤᠨ ᠶᠠᠷᠢᠯᠴᠠᠬᠤ ᠬᠤᠷᠠᠯ ᠤᠨ ᠠᠩᠬᠠᠨ ᠤ ᠡᠳᠦᠷ ᠬᠤᠪᠣᠷ ᠰᠢᠷᠤᠢ ᠶᠢᠨ ᠰᠢᠨ᠎ᠡ ᠮᠠᠲ᠋ᠧᠷᠢᠶᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠠᠩᠬᠠᠷᠤᠯ ᠤᠨ ᠲᠥᠪ ᠪᠣᠯᠪᠠ ᠃ ︽ᠤᠯᠠᠮᠵᠢᠯᠠᠯᠲᠤ ᠬᠤᠪᠣᠷ | ᠰᠢᠷᠣᠶ ᠶᠢ ᠰᠠᠯᠭᠠᠬᠤ ᠶᠠᠪᠤᠴᠠ ᠳᠤ ᠡᠨᠧᠷᠭᠢ ᠶᠢᠨ ᠬᠤᠷᠣᠭᠳᠠᠯ ᠶᠡᠭᠡ᠂ ᠣᠷᠴᠢᠨ ᠲᠣᠭᠤᠷᠢᠨ ᠤ ᠪᠣᠬᠢᠷᠲᠤᠯ᠂ | ᠰᠠᠯᠤᠯᠲᠠ ᠶᠢᠨ ᠦᠷ᠎ᠡ ᠪᠦᠲᠦᠮᠵᠢ ᠳᠣᠤᠷ᠎ᠠ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠮᠠᠨ ᠤ ᠪᠦᠯᠬᠦᠮ 2019 | ᠣᠨ ᠠᠴᠠ ᠡᠬᠢᠯᠡᠨ ᠬᠤᠪᠣᠷ ᠰᠢᠷᠣᠶ ᠶᠢᠨ ᠠᠮᠢᠳᠤ ᠪᠣᠳᠠᠰ ᠤᠨ ᠪᠣᠬᠢᠷᠲᠤᠯ ᠥᠬᠡᠶ ᠰᠠᠯᠭᠠᠬᠤ ᠮᠡᠷᠭᠡᠵᠢᠯ ᠢ ᠰᠤᠳᠤᠯᠤᠨ | ᠨᠡᠭᠡᠭᠡᠵᠦ᠂ ᠰᠣᠩᠭᠤᠯᠲᠠ ᠶᠢᠨ ᠴᠢᠨᠠᠷ ᠢᠶᠠᠷ ᠥᠨᠳᠥᠷ᠂ ᠣᠷᠴᠢᠨ ᠲᠣᠭᠤᠷᠢᠨ ᠳᠤ ᠨᠥᠬᠦᠷᠰᠡᠭ᠂ ᠥᠪᠡᠷ ᠤᠨ | ᠥᠷᠲᠡᠭ ᠳᠣᠤᠷ᠎ᠠ ᠵᠡᠷᠭᠡ ᠳᠠᠪᠠᠭᠤᠯᠢᠭ ᠲᠠᠢ ᠶᠤᠮ᠂ ᠡᠨᠡ ᠬᠦ ᠰᠤᠳᠤᠯᠭᠠᠨ ᠤ ᠴᠢᠭᠯᠡᠯ ᠤᠨ ᠭᠤᠤᠯᠯᠠᠬᠤ | ᠣᠶᠢᠯᠠᠭᠠᠭᠳᠠᠬᠤᠨ ᠪᠣᠯ ᠮᠢᠺᠷᠣᠪ ᠤᠨ ᠣᠨᠴᠠᠭᠠᠢ ᠰᠣᠯᠢᠯᠴᠠᠭᠠᠨ ᠤ ᠣᠨᠴᠠ ᠴᠢᠨᠠᠷ ᠢ ᠠᠰᠢᠭᠯᠠᠨ ᠂ ᠬᠤᠪᠣᠷ | ᠰᠢᠷᠣᠶ ᠶᠢᠨ ᠡᠯᠧᠮᠧᠨ᠋ᠲ ᠤᠨ ᠥᠨᠳᠥᠷ ᠪᠦᠲᠦᠮᠵᠢᠲᠡᠶ ᠴᠤᠭᠯᠠᠷᠠᠯ ᠪᠠ ᠰᠠᠯᠭᠠᠬᠤ ᠶᠢ ᠪᠡᠶᠡᠯᠡᠭᠦᠯᠦᠨ᠎ᠡ᠃ ᠡᠨᠡ ᠵᠢᠯ | ᠴᠢᠩᠬᠤᠸᠠ ᠶᠡᠭᠡ ᠰᠤᠷᠭᠠᠭᠤᠯᠢ ᠤᠮᠠᠷᠠᠲᠤ ᠶᠢᠨ ᠬᠤᠪᠣᠷ ᠰᠢᠷᠣᠢ ᠲᠠᠢ ᠦᠷᠭᠦᠯᠵᠢᠯᠡᠨ ᠬᠠᠮᠲᠤᠷᠠᠯᠴᠠᠨ ᠬᠤᠪᠣᠷ | ᠰᠢᠷᠣᠢ ᠶᠢ ᠰᠠᠯᠭᠠᠬᠤ ᠮᠢᠩᠭᠠᠨ ᠲᠣᠨ ᠳᠡᠰ ᠤᠨ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠲᠤᠯᠠᠬᠤ ᠶᠢ ᠠᠬᠢᠭᠤᠯᠪᠠ ︾ | ᠭᠡᠵᠦ ᠠᠮᠢᠳᠤ ᠪᠣᠳᠠᠰ ᠤᠨ ᠲᠡᠮᠦᠷᠯᠢᠭ ᠪᠣᠯᠪᠠᠰᠤᠷᠠᠭᠤᠯᠬᠤ ᠳᠤᠮᠳᠠ ᠲᠤᠷᠰᠢᠨ ᠵᠢᠱᠢᠶ᠎ᠡ ᠦᠵᠡᠭᠦᠯᠬᠦ ᠱᠤᠭᠤᠮ ᠤᠨ | ᠬᠠᠵᠠᠭᠤ ᠳᠤ ᠵᠠᠩ ᠬᠤᠩ ᠵᠢᠶᠧ ᠶᠠᠭ ᠠᠵᠢᠯᠯᠠᠵᠤ ᠪᠠᠶᠢᠭ᠎ᠠ ᠤᠶᠤᠨᠴᠢᠯᠠᠭᠰᠠᠨ ᠲᠥᠬᠦᠭᠡᠷᠦᠮᠵᠢ ᠶᠢ ᠵᠢᠭᠠᠵᠤ ᠬᠡᠯᠡᠪᠡ ᠃ | | ᠵᠠᠩ ᠬᠤᠩ ᠵᠢᠶᠧ ᠶᠢᠨ ᠪᠦᠯᠬᠦᠮ ᠨᠡᠶᠢᠲᠡ ᠶᠢᠨ ᠰᠤᠳᠤᠯᠤᠨ ᠨᠡᠭᠡᠭᠡᠭᠰᠡᠨ ︽ᠮᠢᠺᠷᠣᠪ ᠤᠨ ᠨᠡᠪᠴᠢᠯᠲᠠ — | ᠲᠥᠪᠯᠡᠷᠡᠭᠦᠯᠬᠦ — ᠰᠠᠯᠭᠠᠬᠤ︾ ᠮᠡᠷᠭᠡᠵᠢᠯ ᠨᠢ ᠬᠤᠪᠣᠷ ᠰᠢᠷᠣᠶ ᠶᠢᠨ ᠡᠬᠢ ᠪᠠᠶᠠᠯᠢᠭ ᠢ ᠥᠨᠳᠥᠷ ᠥᠷᠲᠡᠭᠲᠦ | ᠠᠰᠢᠭᠯᠠᠬᠤ ᠪᠠ ᠪᠣᠬᠢᠷᠲᠤᠯ ᠥᠬᠡᠶ ᠥᠨᠳᠥᠷ ᠪᠦᠲᠦᠮᠵᠢᠲᠡᠶ ᠦᠢᠯᠡᠳᠪᠦᠷᠢᠯᠡᠬᠦ ᠳᠤ ᠰᠢᠨ᠎ᠡ ᠬᠡᠪ ᠵᠠᠭᠪᠤᠷ ᠪᠠ | ᠮᠡᠷᠭᠡᠵᠢᠯ ᠤᠨ ᠰᠢᠨ᠎ᠡ ᠲᠣᠭᠲᠠᠯᠴᠠᠭ᠎ᠠ ᠶᠢ ᠨᠡᠭᠡᠭᠡᠨ ᠥᠭᠴᠦ᠂ ᠬᠤᠪᠣᠷ ᠰᠢᠷᠣᠶ ᠶᠢᠨ ᠬᠠᠶᠢᠯᠤᠭᠤᠯᠤᠨ ᠰᠠᠯᠭᠠᠬᠤ | ᠠᠵᠢᠯ ᠲᠥᠷᠥᠯ ᠤᠨ ᠨᠤᠷᠠᠭᠠᠯᠲᠠ ᠶᠢᠨ ᠴᠢᠨᠠᠷᠲᠠᠶ᠂ ᠬᠤᠪᠢᠰᠤᠯᠲᠠ ᠶᠢᠨ ᠴᠢᠨᠠᠷᠲᠠᠶ ᠰᠠᠯᠭᠠᠬᠤ ᠮᠡᠷᠭᠡᠵᠢᠯ ᠪᠠᠶᠢᠵᠤ᠂ | ᠬᠤᠪᠣᠷ ᠰᠢᠷᠣᠶ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ | ᠮᠡᠷᠭᠡᠵᠢᠯ ᠤᠨ ᠳᠡᠰ ᠳᠡᠪᠰᠢᠯᠲᠡ ᠶᠢᠨ ᠳᠠᠪᠬᠤᠷᠭ᠎ᠠ ᠶᠢ ᠪᠦᠲᠦᠮᠵᠢᠲᠡᠶ ᠠᠬᠢᠭᠤᠯᠵᠤ᠂ ᠬᠤᠪᠣᠷ ᠰᠢᠷᠣᠶ ᠶᠢᠨ ᠠᠵᠤ | ᠦᠢᠯᠡᠰ ᠤᠨ ᠪᠣᠬᠢᠷᠲᠤᠯ ᠥᠬᠡᠶ ᠦᠷᠭᠦᠯᠵᠢᠯᠡᠬᠦᠶᠢᠴᠡ ᠬᠥᠭᠵᠢᠯᠲᠡ ᠳᠤ ᠬᠦᠴᠦᠨ ᠨᠡᠮᠡᠷᠢᠯᠡᠪᠡ᠃ | ︽ ᠲᠤᠷᠰᠢᠯᠲᠠ ᠶᠢᠨ ᠲᠠᠰᠤᠭ︾ ᠠᠴᠠ ︽ᠠᠵᠤ ᠦᠢᠯᠡᠰ ᠤᠨ ᠬᠡᠯᠬᠢᠶ᠎ᠡ︾ ᠬᠦᠷᠴᠦ ᠬᠤᠪᠣᠷ ᠰᠢᠷᠤᠢ ᠶᠢᠨ | ᠠᠵᠤ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠢ ᠶᠢᠨ ᠳᠠᠪᠠᠯᠲᠠ ᠶᠢ ᠪᠡᠶᠡᠯᠡᠭᠦᠯᠪᠡ ᠃ | ︽ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠯᠦᠭᠡ ᠬᠠᠮᠲᠤᠷᠠᠨ ᠰᠤᠳᠤᠯᠤᠨ ᠦᠢᠯᠡᠳᠦᠭᠰᠡᠨ ᠳᠡᠭᠡᠳᠦ | ᠼᠧᠷᠢ ᠶᠢᠨ ᠨᠸᠣᠳᠢᠮ ᠲᠡᠮᠦᠷ ᠤᠨ ᠪᠣᠷ ᠤᠨ ᠰᠣᠷᠢᠨᠵᠢᠨ ᠪᠡᠶ᠎ᠡ᠂ ᠯᠠᠨᠲ᠋ᠠᠨ ᠤ ᠼᠧᠷᠢ ᠶᠢᠨ ᠡᠯᠧᠮᠧᠨ᠋ᠲ ᠤᠨ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠠᠢ ᠂ | ᠡᠨᠡ ᠨᠢ ᠮᠠᠨ ᠤ ᠤᠯᠤᠰ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠬᠦᠷᠢᠶ᠎ᠡ ︿ᠼᠧᠷᠢ ᠪᠠᠶᠠᠯᠢᠭ ᠨᠸᠣᠳᠢᠮ | ᠳᠤᠲᠠᠮᠠᠭ ﹀ ᠡᠬᠢ ᠪᠠᠶᠠᠯᠢᠭ ᠤᠨ ᠬᠦᠴᠢᠷᠳᠡᠯ ᠢ ᠰᠢᠪᠲᠤᠯᠤᠭᠰᠠᠨ ᠢ ᠬᠠᠷᠠᠭᠤᠯᠵᠤ ᠪᠠᠶᠢᠨ᠎ᠠ︾ ᠃ ᠯᠢ ᠸᠧᠢ ᠂ | ᠲᠡᠭᠦᠨ ᠤ ᠪᠦᠯᠬᠦᠮ ᠨᠡᠶᠢᠲᠡ ᠨᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠲᠠᠢ ᠬᠠᠮᠲᠤᠷᠠᠯᠴᠠᠨ ᠤᠯᠤᠰ ᠤᠨ | ᠳᠣᠲᠣᠭᠠᠳᠤ ᠶᠢᠨ ᠠᠩᠬᠠᠳᠠᠭᠴᠢ ᠣᠶᠤᠨᠴᠢ ᠵᠢᠱᠢᠶ᠎ᠡ ᠦᠵᠡᠭᠦᠯᠬᠦ ᠱᠤᠭᠤᠮ ᠢ ᠪᠠᠶᠢᠭᠤᠯᠵᠤ᠂ ᠦᠢᠯᠡᠳᠪᠦᠷᠢᠯᠡᠯ ᠤᠨ | ᠦᠷ᠎ᠡ ᠪᠦᠲᠦᠮᠵᠢ 300% ᠠᠴᠠ ᠳᠡᠭᠡᠭᠰᠢ ᠳᠡᠭᠡᠭᠰᠢᠯᠡᠵᠦ᠂ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠨᠢ 15. | 58% ᠪᠠᠷ ᠳᠡᠭᠡᠭᠰᠢᠯᠡᠵᠦ᠂ ᠰᠢᠨ᠎ᠡ ᠡᠨᠧᠷᠭᠢ ᠶᠢᠨ ᠪᠠᠶᠢᠯᠳᠤᠬᠤ ᠪᠤᠳᠤᠯᠭ᠎ᠠ ᠪᠣᠯᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠠᠬᠤᠢ ᠳᠤ ᠵᠠᠩᠭᠢᠯᠠᠭ᠎ᠠ ᠶᠢᠨ ᠮᠠᠲ᠋ᠧᠷᠢᠶᠠᠯ ᠬᠠᠩᠭᠠᠵᠠᠢ ᠭᠡᠵᠦ ᠲᠠᠨᠢᠯᠴᠠᠭᠤᠯᠪᠠ ᠃ | ᠵᠢᠶᠠᠩ ᠴᠧᠩ ᠪᠦᠦ ᠶᠢᠨ ᠶᠠᠷᠢᠶ᠎ᠠ ᠨᠢ ᠠᠳᠠᠯᠢᠬᠠᠨ ᠬᠠᠯᠠᠭᠤᠨ ᠶᠠᠷᠢᠯᠴᠠᠭ᠎ᠠ ᠶᠢ ᠡᠭᠦᠰᠭᠡᠪᠡ᠃ ︽ᠬᠤᠶᠠᠷ | ᠵᠢᠯ ᠤᠨ ᠲᠤᠷᠰᠢ᠂ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠬᠥᠮᠦᠰ ᠤᠨ ᠠᠩᠬᠠᠷᠤᠯ ᠢ | ᠲᠠᠲᠠᠮ᠎ᠠ ᠮᠠᠰᠢ ᠣᠯᠠᠨ ᠠᠮᠵᠢᠯᠲᠠ ᠣᠯᠵᠤ᠂ ᠬᠥᠮᠦᠰ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃ ᠵᠠᠯᠭᠠᠭᠠᠳ ᠠᠵᠤ | ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠵᠠᠬ᠎ᠠ ᠳᠡᠯᠭᠡᠭᠦᠷ ᠲᠤ ᠭᠠᠷᠤᠭᠰᠠᠨ ᠠᠵᠤ | ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ ᠳᠡᠭᠡᠳᠦ ᠱᠠᠲᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠬᠠᠷᠢᠭᠤ ᠮᠡᠳᠡᠭᠦᠯᠵᠦ ᠬᠠᠷᠢᠯᠴᠠᠨ᠂ ᠨᠠᠩ | ᠣᠯᠠᠨ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠪᠢ ᠦᠵᠡᠵᠦ ᠪᠤᠢ︾ ᠭᠡᠵᠦ ᠵᠢᠶᠠᠩ ᠴᠧᠩ ᠪᠦᠦ | ᠬᠡᠯᠡᠪᠡ ᠃ | ᠲᠥᠷᠥᠯ ᠵᠦᠢᠯ ᠤᠨ ᠪᠣᠭᠤᠮᠲᠠ ᠰᠢᠪᠲᠤᠯᠵᠤ ᠦᠨᠳᠦᠰᠦ ᠰᠠᠭᠤᠷᠢ ᠶᠢ ᠴᠣᠭᠴᠠᠯᠠᠵᠤ᠂ ᠬᠤᠪᠣᠷ ᠰᠢᠷᠣᠶ ᠶᠢᠨ | ᠠᠵᠤ ᠦᠢᠯᠡᠰ ᠤᠨ ᠬᠡᠯᠬᠢᠶ᠎ᠡ ᠶᠢ ᠳᠠᠪᠲᠠᠨ ᠪᠣᠯᠪᠠᠰᠤᠷᠠᠭᠤᠯᠪᠠ | ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ | ᠬᠡᠯᠬᠢᠶ᠎ᠡ ᠶᠢ ᠬᠦᠴᠦᠷᠬᠡᠭᠵᠢᠭᠦᠯᠬᠦ ᠶᠢ ᠠᠬᠢᠭᠤᠯᠬᠤ ᠠᠶᠠᠨ ᠳᠤᠮᠳᠠ᠂ ᠪᠤᠭᠤᠲᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠᠷ ᠲᠤᠯᠭᠠᠭᠤᠷᠢᠯᠠᠬᠤ ᠴᠡᠭ ᠪᠣᠯᠭᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠳᠡᠭᠡᠳᠦ | ᠳᠡᠰᠵᠢᠯᠳᠡ᠂ ᠪᠥᠭᠡᠮᠨᠡᠷᠡᠯ ᠤᠨ ᠳᠡᠭᠡᠭᠰᠢᠯᠡᠯᠲᠡ ᠶᠢ ᠳᠠᠶᠢᠴᠢᠯᠠᠪᠠ᠃ ᠠᠯᠢ ᠣᠯᠠᠨ ︽ᠲᠡᠷᠢᠭᠦᠨ︾ ᠨᠠᠷᠠᠲᠤ ᠲᠥᠷᠥᠯ | ᠵᠦᠢᠯ ᠤᠳ ᠪᠣᠯᠣᠳ ᠲᠡᠮᠦᠷ ᠤᠨ ᠵᠢᠶᠠᠰᠠ ᠮᠡᠲᠦ ᠠᠵᠤ ᠦᠢᠯᠡᠰ ᠤᠨ ᠲᠣᠮᠣ ᠠᠰᠠᠷ ᠢ ᠲᠤᠯᠭᠠᠭᠤᠷᠢᠯᠠᠵᠤ᠂ | ᠰᠣᠷᠢᠨᠵᠢᠨᠲᠤ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ ᠵᠡᠷᠭᠡ ᠵᠠᠩᠭᠢᠯᠠᠭ᠎ᠠ ᠶᠢᠨ ᠬᠦᠷᠢᠶᠡᠨ ᠳᠠᠬᠢ ᠦᠢᠯᠡᠳᠪᠦᠷᠢᠯᠡᠬᠦ | ᠴᠢᠳᠠᠪᠤᠷᠢ ᠪᠥᠬᠦ ᠳᠡᠯᠡᠬᠡᠶ ᠳᠤ ᠲᠡᠷᠢᠭᠦᠯᠡᠬᠦ ᠶᠢ ᠳᠥᠯᠭᠢᠨ ᠠᠬᠢᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠪᠠᠲᠤᠯᠠᠭ᠎ᠠ ᠬᠢᠭᠡᠳ ᠠᠵᠤ ᠦᠢᠯᠡᠰ ᠤᠨ ᠬᠡᠯᠬᠢᠶ᠎ᠡ ᠶᠢᠨ ᠠᠮᠤᠷ ᠲᠦᠪᠰᠢᠨ ᠳᠤ ᠪᠠᠲᠤ ᠪᠠᠬᠢ | ᠦᠨᠳᠦᠰᠦ ᠰᠠᠭᠤᠷᠢ ᠶᠢ ᠲᠠᠯᠪᠢᠪᠠ ᠃ | ︽ᠲᠠᠩ ᠴᠡᠭ ᠤᠨ ᠰᠢᠪᠲᠤᠯᠤᠯᠲᠠ︾ ᠠᠴᠠ ︽ᠪᠦᠯᠦᠭᠯᠡᠨ ᠪᠠᠶᠢᠯᠳᠤᠬᠤ︾ ᠬᠦᠷᠴᠦ ᠂ ᠪᠤᠭᠤᠲᠤ ᠶᠢᠨ | ᠪᠤᠯᠤᠳ ᠲᠡᠮᠤᠷ ᠤᠨ ᠪᠦᠯᠦᠭᠯᠡᠯ ᠤᠨ ᠬᠢᠨ ︽ᠬᠡᠯᠬᠢᠶ᠎ᠡ ᠶᠢᠨ ᠡᠵᠡᠨ︾ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠠᠵᠤ ᠦᠢᠯᠡᠰ ᠢ ᠲᠠᠶᠢᠴᠢᠯᠠᠨ ︽ᠬᠡᠯᠬᠢᠶ᠎ᠡ︾ ᠶᠢ ᠪᠦᠷᠢᠯᠳᠦᠭᠦᠯᠬᠦ ᠬᠠᠨᠳᠤᠰᠢ ᠲᠠᠢ ᠪᠣᠯᠭᠠᠪᠠ᠃ ᠤᠮᠠᠷᠠᠲᠤ ᠶᠢᠨ | ᠬᠤᠪᠣᠷ ᠰᠢᠷᠣᠶ ᠶᠢᠨ ᠰᠣᠷᠢᠨᠵᠢᠨ ᠮᠠᠲ᠋ᠧᠷᠢᠶᠠᠯ ᠤᠨ ᠺᠣᠮᠫᠠᠨᠢ ᠶᠢᠨ 5 ᠲᠦᠮᠡᠨ ᠲᠣᠨ ᠥᠨᠳᠥᠷ ᠴᠢᠳᠠᠪᠬᠢᠲᠤ ᠨᠸᠣᠳᠢᠮ | ᠲᠡᠮᠦᠷ ᠤᠨ ᠪᠣᠷ ᠤᠨ ᠲᠦᠷᠭᠡᠨ ᠴᠠᠷᠴᠠᠮᠠᠯ ᠬᠠᠶᠢᠯᠤᠰᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ | ᠵᠢᠩᠬᠢᠨᠢ ᠪᠠᠷ ᠡᠬᠢᠯᠡᠪᠡ ︔ ᠶᠢᠨ ᠮᠧᠩ ᠬᠤᠪᠣᠷ ᠰᠢᠷᠣᠶ ᠶᠢᠨ ᠵᠢᠯ ᠳᠤ 3000 ᠲᠣᠨ ᠬᠤᠪᠣᠷ ᠰᠢᠷᠣᠶ ᠶᠢᠨ ᠨᠠᠷᠢᠯᠢᠭ | ᠬᠦᠳᠡᠷ ᠢ ᠢᠯᠭᠠᠨ ᠰᠠᠯᠭᠠᠬᠤ ᠱᠤᠭᠤᠮ ᠢ ᠠᠦ᠋ᠲ᠋ᠣᠴᠢᠯᠠᠨ ᠲᠠᠰ ᠳᠡᠪᠰᠢᠭᠦᠯᠬᠦ ᠥᠭᠡᠷᠡᠴᠢᠯᠡᠯᠲᠡ ᠵᠢᠴᠢ ᠵᠢᠯ ᠳᠤ | 4000 ᠲᠣᠨ ᠨᠸᠣᠳᠢᠮ ᠲᠡᠮᠦᠷ ᠤᠨ ᠪᠣᠷ ᠤᠨ ᠬᠠᠶᠠᠭᠳᠠᠮᠠᠯ ᠮᠠᠲ᠋ᠧᠷᠢᠶᠠᠯ ᠢ ᠡᠭᠡᠭᠦᠯᠦᠨ ᠬᠤᠷᠢᠶᠠᠬᠤ | ᠦᠢᠯᠡᠳᠪᠦᠷᠢᠯᠡᠯ ᠤᠨ ᠱᠤᠭᠤᠮ ᠢ ᠲᠦᠷᠭᠡᠨ ᠪᠠᠶᠢᠭᠤᠯᠤᠨ᠎ᠠ ᠁ ︽ᠲᠦᠭᠦᠬᠡᠢ ᠮᠠᠲ᠋ᠧᠷᠢᠶᠠᠯ ᠤᠨ ᠰᠠᠭᠤᠷᠢ︾ | ᠠᠴᠠ ︽ᠮᠠᠲ᠋ᠧᠷᠢᠶᠠᠯ ᠤᠨ ᠥᠨᠳᠦᠷᠯᠢᠭ ᠭᠠᠵᠠᠷ︾ ᠬᠦᠷᠲᠡᠯ᠎ᠡ᠂ ︽ᠲᠦᠷᠦᠯ ᠵᠦᠢᠯ ᠤᠨ ᠲᠠᠯ᠎ᠠ ᠪᠠᠷ ᠬᠦᠴᠦᠯᠡᠬᠦ︾ | ᠪᠠᠷ ︽ᠬᠡᠯᠬᠢᠶ᠎ᠡ ᠶᠢᠨ ᠲᠠᠯ᠎ᠠ ᠪᠠᠷ ᠴᠡᠴᠡᠭᠯᠡᠬᠦ ᠶᠢ ᠠᠬᠢᠭᠤᠯᠵᠤ︾᠂ ᠪᠤᠭᠤᠲᠤ ᠶᠢᠨ ᠪᠤᠯᠤᠳ ᠲᠡᠮᠤᠷ ᠤᠨ | ᠪᠦᠯᠦᠭᠯᠡᠯ ᠤᠨ ᠬᠢᠨ ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠢ ᠥᠨᠳᠥᠷ ᠪᠦᠲᠦᠮᠵᠢᠲᠡᠢ ᠪᠠᠷ ᠠᠵᠤ | ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠨ ᠬᠥᠳᠡᠯᠦᠯᠴᠡᠭᠰᠡᠨ ᠪᠦᠯᠦᠭᠯᠡᠨ ᠬᠥᠭᠵᠢᠬᠦ ᠳᠠᠪᠠᠭᠤᠯᠢᠭ | ᠪᠣᠯᠭᠠᠨ ᠬᠤᠪᠢᠷᠠᠭᠤᠯᠵᠤ᠂ ᠨᠤᠫᠢᠯᠢᠮ ᠲᠡᠮᠦᠷ ᠤᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠤᠷᠤᠯᠳᠤᠭᠠᠨ ᠤ ᠵᠠᠮ | ᠳᠡᠭᠡᠷ᠎ᠡ ᠳᠠᠪᠬᠤᠷ ᠪᠦᠰᠡᠯᠡᠯᠲᠡ ᠶᠢ ᠰᠢᠪᠲᠤᠯᠪᠠ ᠃ | ᠬᠤᠪᠣᠷ ᠰᠢᠷᠣᠶ ᠶᠢᠨ ᠡᠮᠦᠨ᠎ᠡ ᠦᠵᠦᠭᠦᠷ ᠤᠨ ᠳᠠᠪᠠᠭᠤᠯᠢᠭ ᠢ ᠨᠠᠷᠢᠯᠢᠭᠵᠢᠭᠤᠯᠤᠨ᠂ ᠬᠤᠪᠣᠷ ᠰᠢᠷᠣᠶ ᠶᠢᠨ | ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠬᠤᠪᠣᠷ ᠰᠢᠷᠣᠶ ᠶᠢᠨ ᠦᠵᠦᠭᠦᠷ ᠤᠨ ᠬᠡᠷᠡᠭᠯᠡᠭᠡᠨ ᠤ ᠵᠠᠬ᠎ᠠ | ᠳᠡᠯᠭᠡᠭᠦᠷ ᠢ ᠪᠤᠵᠠᠭᠠᠶᠢᠷᠠᠭᠤᠯᠵᠤ᠂ ᠮᠠᠨ ᠤ ᠬᠤᠲᠠ ᠶᠠᠭ ᠲᠥᠷᠥᠯ ᠵᠦᠢᠯ ᠢᠶᠠᠷ ᠬᠥᠳᠡᠯᠭᠡᠭᠦᠷ ᠪᠣᠯᠭᠠᠵᠤ᠂ ᠬᠤᠪᠣᠷ | ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠂ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ ︾ | ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠠᠮᠢᠵᠢᠷᠠᠯ ᠤᠨ | ᠬᠦᠴᠦᠨ ᠢ ᠪᠠᠳᠠᠷᠠᠭᠤᠯᠵᠤ ᠪᠤᠢ᠃ | ︽ᠮᠠᠨ ᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠨᠢᠭᠡ ᠪᠦᠯᠦᠭ ᠪᠡᠯᠭᠡ ᠲᠡᠮᠳᠡᠭ ᠤᠨ | ᠴᠢᠨᠠᠷᠲᠠᠶ ᠦᠷ᠎ᠡ ᠪᠦᠲᠦᠭᠡᠯ ᠣᠯᠪᠠ ᠄ ᠬᠤᠪᠣᠷ ᠰᠢᠷᠣᠶ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ 50% ᠠᠴᠠ | ᠳᠡᠭᠡᠭᠰᠢ ᠨᠡᠮᠡᠭᠳᠡᠵᠦ ᠂ 270 ᠡᠷᠦᠭᠡ ᠪᠣᠯᠪᠠ ︔ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ | ᠳᠠᠬᠢᠨ ᠢᠶᠠᠷ ᠨᠡᠮᠡᠭᠳᠡᠵᠦ ᠂ ᠪᠠᠷᠤᠭ 30 ᠲᠦᠮᠡᠨ ᠲᠣᠨ ᠳᠤ ᠬᠦᠷᠪᠡ ︔ 2022 ᠣᠨ ᠠᠴᠠ 2024 ᠣᠨ | ᠪᠣᠯᠲᠠᠯ᠎ᠠ᠂ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 6 ᠬᠤᠪᠢ ᠠᠴᠠ ᠳᠡᠭᠡᠭᠰᠢ | ᠨᠡᠮᠡᠭᠳᠡᠵᠦ ᠂ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ ᠃ ᠡᠲᠡᠭᠡᠷ ᠲᠤᠭ᠎ᠠ ᠪᠠᠷᠢᠮᠲᠠ ᠨᠢ ᠮᠠᠨ ᠤ ᠬᠤᠲᠠ ᠶᠠᠭ | ᠰᠠᠶᠢᠬᠠᠨ ︿ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ ﹀ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠯᠠᠪᠳᠠᠭᠤᠨ ᠪᠠᠲᠤᠲᠠᠶ ᠠᠬᠢᠭᠤᠯᠵᠤ ᠪᠠᠶᠢᠬᠤ ᠪᠥᠭᠡᠳ ᠮᠠᠰᠢ ᠰᠠᠶᠢᠨ ᠦᠷ᠎ᠡ ᠪᠦᠲᠦᠮᠵᠢ ᠣᠯᠵᠤ | ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ︾ ᠭᠡᠵᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ | ᠦᠢᠯᠡᠰ ᠤᠨ ᠬᠥᠭᠵᠢᠯᠲᠡ ᠶᠢᠨ ᠠᠯᠪᠠᠨ ᠬᠡᠷ ᠤᠨ ᠡᠷᠬᠢᠯᠡᠭᠴᠢ ᠸᠧᠨ ᠶᠦᠩ ᠴᠢᠩ ᠬᠡᠯᠡᠵᠦ ᠂ ᠲᠠᠷᠠᠭᠠᠴᠢ ᠶᠢᠨ | ᠠᠯᠬᠤᠮ ᠳᠤ᠂ ᠮᠠᠨ ᠤ ᠬᠤᠲᠠ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ | ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2025 ᠣᠨ ᠳᠤ 1300 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠦᠢᠯᠡᠳᠬᠦᠨ ᠤ ᠥᠷᠲᠡᠭ ᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠲᠠᠨᠢᠯᠴᠠᠭᠤᠯᠪᠠ ᠃ | ᠪᠣᠬᠢᠷᠲᠤᠯ ᠥᠬᠡᠶ ᠣᠶᠤᠨᠴᠢ ᠬᠥᠳᠡᠯᠭᠡᠭᠦᠷ ᠂ ᠠᠵᠤ ᠦᠢᠯᠡᠰ ᠤᠨ ᠲᠠᠰ ᠳᠡᠪᠰᠢᠬᠦ ︽ᠪᠤᠭᠤᠲᠤ ᠶᠢᠨ ᠬᠡᠪ | ᠵᠠᠭᠪᠤᠷ︾ ᠢ ᠢᠯᠡᠷᠡᠭᠦᠯᠦᠨ᠎ᠡ | ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠬᠤ ᠳᠤ᠂ ᠬᠠᠷ᠎ᠠ ᠤᠲᠤᠭ᠎ᠠ | ᠤᠨᠢᠶᠠᠷ ᠪᠢᠯᠬᠠᠵᠤ᠂ ᠬᠠᠮᠠᠷ ᠭᠠᠳᠠᠮ᠎ᠠ ᠦᠨᠦᠷ ᠠᠮᠲᠠ ᠦᠭᠡᠢ᠂ ᠬᠠᠷᠢᠨ ᠤᠶᠤᠨᠴᠢᠯᠠᠭᠰᠠᠨ ᠦᠢᠯᠡᠳᠪᠦᠷᠢᠯᠡᠯ ᠤᠨ | ᠱᠤᠭᠤᠮ ᠡᠮᠬᠢ ᠳᠢᠭᠯᠢᠮ ᠲᠠᠢ ᠶᠠᠪᠤᠭᠳᠠᠵᠤ᠂ ᠪᠣᠬᠢᠷᠲᠤᠯ ᠦᠭᠡᠢ ᠬᠥᠭᠵᠢᠯᠲᠡ ᠨᠢ ᠬᠠᠮᠲᠤ ᠶᠢᠨ ᠲᠠᠨᠢᠯᠲᠠ ᠪᠣᠯᠪᠠ᠃ | ᠣᠶᠢᠷ᠎ᠠ ᠶᠢᠨ ᠵᠢᠯ ᠳᠤ᠂ ᠮᠠᠨ ᠤ ᠬᠤᠲᠠ ᠲᠣᠰ ᠪᠡᠶ᠎ᠡ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠰᠠᠭᠤᠷᠢ ᠥᠩᠭᠡ | ᠪᠣᠯᠭᠠᠨ᠂ ᠣᠶᠤᠨᠴᠢ ᠦᠢᠯᠡᠳᠭᠡᠯ ᠢᠶᠠᠷ ᠲᠤᠯᠭᠠᠭᠤᠷᠢᠯᠠᠯ ᠪᠣᠯᠭᠠᠵᠤ᠂ ᠥᠪᠡᠷᠮᠢᠴᠡ ︽ᠪᠤᠭᠤᠲᠤ ᠶᠢᠨ ᠬᠡᠪ ᠵᠠᠭᠪᠤᠷ︾ | ᠲᠠᠢ ᠠᠵᠤ ᠦᠢᠯᠡᠰ ᠤᠨ ᠲᠠᠰ ᠳᠡᠪᠰᠢᠬᠦ ᠵᠠᠮ ᠢᠶᠠᠷ ᠵᠠᠮᠨᠠᠭᠰᠠᠨ ᠪᠠᠶᠢᠨ᠎ᠠ᠃ | ︽ᠣᠳᠣᠬᠠᠨ ᠳᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠨᠢᠭᠡᠨᠲᠡ ᠪᠤᠭᠤᠲᠤ ᠶᠢᠨ | ᠬᠤᠪᠣᠷ ᠰᠢᠷᠣᠢ ᠶᠢᠨ ᠠᠵᠤ ᠦᠢᠯᠡᠰ ᠢ ᠲᠡᠰ ᠳᠡᠪᠰᠢᠭᠦᠯᠬᠦ ᠪᠦᠬᠦ ᠶᠠᠪᠤᠴᠠ ᠳᠤ ᠲᠤᠭᠤᠰᠢᠯᠠᠬᠳᠠᠪᠠ᠂ ᠶᠢᠨ ᠮᠧᠩ | ᠬᠤᠢ ᠰᠣᠷᠢᠨᠵᠢᠨ ᠨᠡᠩ ᠴᠤ ᠪᠣᠬᠢᠷᠲᠤᠯ ᠦᠭᠡᠢ ᠭᠧᠨ ᠢ ᠠᠵᠤ ᠦᠢᠯᠡᠰ ᠤᠨ ᠬᠥᠭᠵᠢᠯᠲᠡ ᠶᠢᠨ ᠪᠦᠬᠦ | ᠬᠡᠯᠬᠢᠶ᠎ᠡ ᠳᠤ ᠪᠠᠨ ᠬᠦᠨᠳᠦ ᠦᠨᠳᠦᠰᠦᠯᠡᠭᠦᠯᠪᠡ᠃ ᠪᠢᠳᠡ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠪᠡᠯᠡ ᠣᠷᠣᠭᠤᠯᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ | ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠦᠨᠡᠨ ᠬᠦ | ᠪᠡᠶᠡᠯᠡᠭᠦᠯᠵᠡᠶ︾ ᠭᠡᠵᠦ ᠪᠣᠭᠤᠲᠤ ᠬᠤᠲᠠ ᠶᠢ ᠶᠢᠨ ᠮᠡᠩ ᠬᠤᠢ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠦᠨ ᠪᠦᠸᠧ ᠬᠡᠯᠡᠪᠡ᠃ | ᠥᠪᠥᠷ ᠮᠣᠩᠭᠤᠯ ᠤᠨ ᠤᠯᠤᠰ ᠤᠨ ᠰᠢᠨ᠎ᠡ ᠡᠭᠦᠳᠦᠯᠲᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠫᠧᠩ ᠪᠠᠰᠠ ᠬᠤᠪᠣᠷ ᠰᠢᠷᠣᠢ ᠶᠢᠨ | ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠵᠥᠪᠰᠢᠶᠡᠷᠡᠵᠦ ᠪᠠᠶᠢᠬᠤ ᠪᠠᠨ | ᠢᠯᠡᠳᠬᠡᠪᠡ᠃ ︽ᠬᠤᠶᠠᠷ ᠵᠢᠯ ᠤᠨ ᠲᠤᠷᠰᠢ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠴᠠ ᠵᠠᠪᠰᠠᠷ ᠤᠨ ᠲᠤᠷᠰᠢᠯᠲᠠ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠪᠣᠷ | ᠰᠢᠷᠣᠶ ᠶᠢᠨ ᠬᠡᠷᠡᠯ ᠤᠨ ᠴᠢᠳᠠᠮᠵᠢ ᠶᠢᠨ ᠮᠠᠲ᠋ᠧᠷᠢᠶᠠᠯ ᠢ ᠭᠦᠨᠵᠡᠭᠡᠶ ᠰᠤᠳᠤᠯᠤᠨ ᠨᠡᠭᠡᠭᠡᠬᠦ ᠵᠢᠴᠢ ᠦᠵᠦᠭᠦᠷ ᠤᠨ | ᠬᠡᠷᠡᠭᠯᠡᠭᠡᠨ ᠤ ᠲᠥᠷᠥᠯ ᠵᠦᠢᠯ ᠢ ᠪᠠᠶᠢᠭᠤᠯᠵᠤ᠂ ᠪᠣᠬᠢᠷᠲᠤᠯ ᠥᠬᠡᠶ ᠬᠥᠭᠵᠢᠭᠦᠯᠬᠦ᠂ ᠪᠣᠬᠢᠷᠲᠤᠯ ᠥᠬᠡᠶ ᠮᠡᠷᠭᠡᠵᠢᠯ ᠨᠢ | ᠠᠵᠤ ᠠᠬᠤᠶᠢᠯᠠᠯ ᠤᠨ ᠦᠰᠦᠨ ᠪᠤᠶᠢᠵᠢᠯᠲᠠ ᠶᠢᠨ ᠭᠤᠤᠯ ᠳᠠᠭᠠᠭᠤᠯᠤᠭᠴᠢ ᠪᠣᠯᠤᠭᠰᠠᠭᠠᠷ ᠢᠷᠡᠵᠡᠶ ︾ ᠭᠡᠵᠦ ᠯᠢᠦ | ᠫᠧᠩ ᠬᠡᠯᠡᠪᠡ᠃ | ︽ᠦᠢᠯᠡᠳᠬᠦ︾ ᠠᠴᠠ ︽ᠣᠶᠤᠨᠴᠢ ᠦᠢᠯᠡᠳᠬᠡᠯ︾ ᠬᠦᠷᠲᠡᠯ᠎ᠡ᠂ ᠪᠤᠭᠤᠲᠤ ᠶᠢᠨ ᠪᠤᠯᠤᠳ ᠲᠡᠮᠤᠷ ᠤᠨ | ᠪᠦᠯᠦᠭᠯᠡᠯ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ︾ ᠤᠨ ᠪᠦᠳᠦᠭᠡᠨ ᠪᠠᠶᠢᠭᠤᠯᠬᠤ ᠭᠤᠣᠯ ᠬᠦᠴᠦᠨ | ᠪᠣᠯᠤᠭᠰᠠᠨ ᠤ ᠬᠤᠪᠢ ᠳᠤ᠂ ᠨᠡᠶᠢᠳᠡ 46 ᠳ᠋ᠦᠩᠰᠢᠭᠤᠷ ᠲᠥᠭᠦᠷᠢᠭ ᠤᠨ ᠬᠤᠪᠣᠷ ᠰᠢᠷᠣᠢ ᠶᠢᠨ ᠰᠤᠳᠤᠯᠤᠨ ᠨᠡᠭᠡᠭᠡᠬᠦ | ᠣᠷᠣᠭᠤᠯᠤᠯᠲᠠ᠂ 303 ᠲᠤᠰᠬᠠᠢ ᠠᠰᠢᠭ ᠤᠨ ᠡᠷᠬᠡ ︵201 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠢ | ᠪᠠᠭᠲᠠᠭᠠᠨ᠎ᠠ︶᠂ ᠪᠦᠬᠦ ᠤᠯᠤᠰ ᠤᠨ ᠠᠩᠬᠠᠳᠠᠭᠴᠢ ᠬᠤᠪᠣᠷ ᠰᠢᠷᠣᠢ ᠶᠢᠨ ᠬᠦᠷᠢᠶᠡᠨ ᠤ EPD ᠲᠠᠪᠴᠠᠩ ᠤᠨ | ᠬᠠᠲᠠᠭᠤ ᠴᠥᠮ᠎ᠡ ᠶᠢᠨ ᠪᠣᠳᠠᠲᠤ ᠬᠦᠴᠦᠨ ᠢ ᠲᠦᠷᠦᠭᠦᠯᠡᠨ ᠵᠣᠬᠢᠶᠠᠨ ᠪᠠᠶᠢᠭᠤᠯᠵᠤ᠂ ︽ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠰᠠᠭᠤᠷᠢ ᠪᠣᠯᠭᠠᠭᠰᠠᠨ᠂ ᠣᠶᠤᠨᠴᠢ ᠦᠢᠯᠡᠳᠬᠡᠯ ᠢᠶᠠᠷ | ᠲᠤᠯᠭᠠᠭᠤᠷᠢᠯᠠᠯ ᠪᠣᠯᠭᠠᠭᠰᠠᠨ᠂ ᠪᠦᠬᠦ ᠬᠡᠯᠬᠢᠶ᠎ᠡ ᠪᠠᠷ ᠬᠠᠮᠵᠢᠯᠴᠠᠬᠤ ᠪᠠᠷ ᠣᠨᠴᠠᠯᠢᠭ ᠪᠣᠯᠭᠠᠭᠰᠠᠨ︾ ᠠᠵᠤ | ᠦᠢᠯᠡᠰ ᠤᠨ ᠲᠡᠰ ᠳᠡᠪᠰᠢᠬᠦ ᠬᠡᠪ ᠵᠠᠭᠪᠤᠷ ᠢ ᠪᠠᠶᠢᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ︾ | ᠤᠨ ᠪᠦᠳᠦᠭᠡᠨ ᠪᠠᠶᠢᠭᠤᠯᠤᠯᠲᠠ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠬᠡᠪ ᠳᠠᠭᠤᠷᠢᠶᠠᠯ | ᠬᠠᠩᠭᠠᠵᠠᠢ᠃ | ᠡᠭᠦᠨ ᠤ ᠬᠠᠮᠲᠤ᠂ ᠤᠮᠠᠷᠠᠳᠤ ᠶᠢᠨ ᠬᠤᠪᠣᠷ ᠰᠢᠷᠤᠢ ᠠᠦ᠋ᠲ᠋ᠣᠴᠢᠯᠠᠯᠲᠠ᠂ ᠲᠣᠭᠠᠨ ᠤ | ᠤᠬᠠᠭᠠᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠪᠠ ᠃ ᠣᠶᠢᠷ᠎ᠠ ᠶᠢᠨ ᠬᠤᠶᠠᠷ ᠵᠢᠯ ᠳᠤ᠂ | ᠨᠢᠭᠡᠨᠲᠡ ᠨᠡᠶᠢᠲᠡ 1.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 20 ᠲᠣᠭᠠᠴᠢᠯᠠᠭᠰᠠᠨ ᠲᠥᠷᠥᠯ | ᠵᠦᠢᠯ ᠢ ᠬᠡᠷᠡᠭᠵᠢᠭᠦᠯᠦᠨ᠂ ᠵᠠᠩᠭᠢᠯᠠᠭ᠎ᠠ ᠶᠢᠨ ᠠᠵᠢᠯ ᠤᠨ ᠲᠠᠰ ᠳᠠᠷᠠᠭᠠᠯᠠᠯ ᠤᠨ ᠡᠵᠡᠮᠳᠡᠯ ᠤᠨ ᠨᠣᠷᠮ᠎ᠠ ᠶᠢ 79. | 19% ᠪᠣᠯᠭᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠴᠢᠯᠠᠭᠰᠠᠨ ᠨᠣᠷᠮ᠎ᠠ ᠶᠢ 58. | 31% ᠪᠣᠯᠭᠠᠨ ᠳᠡᠭᠡᠭᠰᠢᠯᠡᠭᠦᠯᠪᠡ᠃ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ︵ᠬᠤᠸᠠ ᠮᠧᠢ ᠺᠣᠮᠫᠠᠨᠢ︶ | ᠶᠢᠨ ᠨᠦᠬᠡᠨ ᠵᠠᠮ ᠤᠨ ᠠᠦ᠋ᠲ᠋ᠣᠴᠢᠯᠠᠯᠲᠠ ᠶᠢᠨ ᠲᠥᠷᠥᠯ ᠵᠦᠢᠯ ᠨᠢ ︽ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠭᠰᠠᠨ ᠨᠡᠶᠢᠲᠡᠯᠢᠭ ᠬᠡᠷᠡᠭ︾ ᠢᠶᠠᠷ | ᠰᠣᠩᠭᠤᠭᠳᠠᠵᠤ᠂ ᠤᠮᠠᠷᠠᠲᠤ ᠶᠢᠨ ᠬᠤᠪᠣᠷ ᠰᠢᠷᠣᠢ ᠨᠢ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ | ᠬᠡᠯᠪᠡᠷᠢ ᠪᠠᠨ ᠬᠤᠪᠢᠷᠠᠭᠤᠯᠤᠭᠰᠠᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠲᠦᠷᠦᠭᠦᠤ ᠪᠦᠯᠦᠭ ᠤᠨ ︽ | ᠰᠢᠯᠭᠠᠷᠠᠭᠰᠠᠨ ᠲᠠᠰ ᠤᠨ ᠤᠶᠤᠨᠲᠤ ᠦᠢᠯᠡᠳᠪᠦᠷᠢ︾ ᠪᠠᠷ ᠦᠨᠡᠯᠡᠭᠳᠡᠪᠡ᠃ | ᠳᠠᠷᠳᠠᠩ ᠵᠠᠮ ᠳᠥᠭᠦᠮ ᠪᠦᠭᠡᠳ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠨ᠎ᠠ᠃ ᠲᠤᠷᠰᠢᠯᠲᠠ ᠶᠢᠨ | ᠲᠠᠰᠤᠭ ᠠᠴᠠ ᠦᠢᠯᠡᠳᠪᠦᠷᠢᠯᠡᠯ ᠤᠨ ᠱᠤᠭᠤᠮ ᠬᠦᠷᠲᠡᠯ᠎ᠡ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠠᠴᠠ | ᠦᠵᠦᠭᠦᠷ ᠤᠨ ᠬᠡᠷᠡᠭᠯᠡᠯᠲᠡ ᠬᠦᠷᠲᠡᠯ᠎ᠡ᠂ ᠪᠤᠭᠤᠲᠤ ᠬᠤᠳᠠ ᠦᠨᠡᠨ ᠬᠦ ᠠᠳᠬᠤᠨ ᠪᠣᠳᠠᠲᠠᠢ ᠠᠵᠢᠯᠯᠠᠬᠤ ᠪᠠᠷ ᠬᠤᠪᠣᠷ | ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ᠂ ︽ᠬᠤᠶᠠᠷ | ᠬᠤᠪᠣᠷ ᠰᠢᠷᠣᠢ ᠶᠢᠨ ᠰᠠᠭᠤᠷᠢᠨ ᠭᠠᠵᠠᠷ ︾ ᠢ ᠪᠦᠳᠦᠭᠡᠨ ᠪᠠᠶᠢᠭᠤᠯᠬᠤ ᠠᠶᠠᠨ ᠳᠤ ︽ᠬᠤᠪᠣᠷ ᠰᠢᠷᠣᠢ ᠶᠢᠨ | ᠬᠦᠴᠦᠷᠬᠡᠭ ᠤᠯᠤᠰ︾ ᠤᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠪᠡ᠃ | |