2025 ᠣᠨ ᠤ 6 ᠳ᠋ᠤᠭᠠᠷ ᠰᠠᠷ᠎ᠠ ᠶᠢᠨ 23 ᠤ ᠡᠳᠦᠷ ᠠᠴᠠ 29 ᠤ ᠡᠳᠦᠷ ᠪᠣᠯᠲᠠᠯ᠎ᠠ ᠪᠥᠬᠦ | ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠᠶᠢᠵᠤ᠂ ᠡᠨᠡ ᠵᠢᠯ ᠤᠨ ᠭᠤᠤᠯ ᠰᠡᠳᠦᠪ ᠪᠣᠯ ︽ | ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠵᠦ᠂ ︿ᠰᠢᠨ᠎ᠡ﹀ ᠪᠠᠷ ᠬᠥᠲᠥᠯᠦᠨ ᠳᠠᠭᠠᠭᠤᠯᠬᠤ︾ ᠪᠣᠯᠤᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ︽ᠨᠠᠮ ᠵᠠᠰᠠᠭ ᠤᠨ ᠪᠠᠶᠢᠭᠤᠯᠭ᠎ᠠ | ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠪᠠᠷᠢᠮᠲᠠᠯᠠᠨ᠂ ᠣᠯᠠᠨ | ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠡᠳᠦᠭᠡ ᠪᠥᠬᠦ ᠲᠣᠭᠤᠷᠢᠭ ᠤᠨ ᠣᠯᠠᠨ ᠨᠡᠶᠢᠲᠡ ᠶᠢᠨ ᠪᠠᠶᠢᠭᠤᠯᠤᠮᠵᠢ ᠪᠠ ᠥᠷᠭᠡᠨ | ᠣᠯᠠᠨ ᠺᠠᠳ᠋ᠷ ᠠᠵᠢᠯᠲᠠᠨ ᠳᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠪᠣᠬᠢᠷᠲᠤᠯ ᠦᠭᠡᠢ ᠪᠠᠷ ᠠᠯᠪᠠᠯᠠᠵᠤ᠂ ᠠᠷᠪᠢᠯᠠᠨ ᠭᠠᠮᠨᠠᠬᠤ ᠰᠠᠭᠤᠷᠢ ᠦᠩᠭᠡ ᠶᠢ ᠵᠢᠷᠤᠭᠯᠠᠶ᠎ᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠣᠶᠢᠯᠠᠭᠠᠭᠳᠠᠬᠤᠨ ᠢ ᠡᠳᠦᠷ ᠲᠤᠲᠤᠮ ᠤᠨ ᠵᠢᠵᠢᠭ ᠰᠠᠵᠢᠭ | ᠵᠦᠢᠯ ᠳᠤ ᠪᠠᠨ ᠭᠦᠨᠵᠡᠭᠡᠢ ᠠᠭᠤᠰᠤᠯᠴᠠᠭᠤᠯᠤᠨ᠎ᠠ᠃ ᠴᠠᠭᠠᠰᠤ ᠦᠭᠡᠶᠢᠵᠢᠭᠦᠯᠵᠦ ᠠᠵᠢᠯᠯᠠᠬᠤ ᠶᠢ ᠬᠡᠷᠡᠭᠵᠢᠭᠦᠯᠵᠦ᠂ | ᠡᠩ ᠲᠡᠷᠢᠭᠦᠨ ᠳᠤ ᠰᠦᠯᠵᠢᠶᠡᠨ ᠳᠡᠭᠡᠷ᠎ᠡ ᠨᠡᠪᠲᠡᠷᠡᠯᠴᠡᠬᠦ᠂ ᠪᠢᠴᠢᠭ ᠮᠠᠲ᠋ᠧᠷᠢᠶᠠᠯ ᠢ ᠲᠠᠮᠵᠢᠭᠤᠯᠤᠨ ᠦᠵᠡᠬᠦ ᠳᠤ | ᠡᠭᠦᠯᠡᠨ ᠦᠵᠦᠭᠦᠷ ᠢ ᠢᠯᠡᠭᠦᠬᠡᠨ ᠬᠡᠷᠡᠭᠯᠡᠵᠦ᠂ ᠪᠢᠴᠢᠭ ᠮᠠᠲ᠋ᠧᠷᠢᠶᠠᠯ ᠳᠠᠷᠤᠮᠠᠯᠯᠠᠬᠤ ᠳᠤ ᠡᠷᠬᠡᠪᠰᠢ ᠬᠤᠣᠰ ᠲᠠᠯ᠎ᠠ ᠶᠢ | ᠰᠣᠩᠭᠤᠨ᠎ᠠ︔ ᠸᠢᠳᠢᠤ᠋ ᠬᠤᠷᠠᠯ ᠢᠶᠠᠷ ︽ᠲᠡᠷᠭᠡᠨ ᠬᠦᠷᠳᠦ ᠪᠠᠷ ᠭᠦᠶᠦᠬᠦ︾ ᠶᠢ ᠣᠷᠣᠯᠠᠭᠤᠯᠵᠤ᠂ ᠬᠤᠷᠠᠯ ᠳᠤ | ᠥᠪᠡᠷ ᠢᠶᠠᠨ ᠤᠰᠤᠨ ᠴᠣᠮᠣ ᠠᠪᠬᠤ ᠶᠢ ᠰᠠᠨᠠᠭᠠᠴᠢᠯᠠᠵᠤ᠂ ︽ᠬᠤᠭᠤᠰᠣᠨ ᠯᠣᠩᠬᠤ ᠠᠵᠢᠯᠯᠠᠭ᠎ᠠ︾ ᠶᠢ | ᠰᠠᠨᠠᠭᠠᠴᠢᠯᠠᠨ᠎ᠠ︔ ᠠᠯᠪᠠᠯᠠᠬᠤ ᠥᠷᠥᠭᠡ ᠳᠤ ᠂ ᠨᠣᠭᠤᠭᠠᠨ ᠤᠷᠭᠤᠮᠠᠯ ᠢᠯᠡᠭᠦᠬᠡᠨ ᠲᠠᠯᠪᠢᠵᠤ ᠂ ᠠᠶᠠᠨᠳᠠᠭᠠᠨ ᠤ ᠰᠠᠯᠬᠢ | ᠨᠠᠪᠲᠠᠷᠡᠯ ᠢ ᠭᠦᠢᠴᠡᠳ ᠠᠰᠢᠭᠯᠠᠵᠤ ᠂ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ ᠵᠤᠨ ᠤ | ᠤᠯᠠᠷᠢᠯ ᠳᠤ 26°C ᠠᠴᠠ ᠳᠣᠣᠷ᠎ᠠ ᠪᠠᠶᠢᠯᠭᠠᠬᠤ ᠦᠭᠡᠢ︔ ᠴᠠᠬᠢᠯᠭᠠᠨ ᠱᠠᠲᠤ ᠬᠡᠷᠡᠭᠯᠡᠬᠦ ᠶᠢ ᠪᠠᠭᠠᠰᠬᠠᠵᠤ᠂ | ᠭᠤᠷᠪᠠᠨ ᠳᠠᠪᠬᠤᠷ ᠠᠰᠠᠷ ᠵᠢᠴᠢ ᠲᠡᠭᠦᠨ ᠠᠴᠠ ᠳᠣᠷᠣᠭᠰᠢᠬᠢ ᠠᠰᠠᠷ ᠤᠨ ᠳᠠᠪᠬᠤᠷᠭ᠎ᠠ ᠴᠠᠬᠢᠯᠭᠠᠨ ᠱᠠᠲᠤ ᠳᠤ | ᠰᠠᠭᠤᠬᠤ ᠦᠭᠡᠢ ᠪᠠᠶᠢᠬᠤ ᠶᠢ ᠰᠠᠨᠠᠭᠠᠴᠢᠯᠠᠨ᠎ᠠ︔ ᠰᠢᠨ᠎ᠡ ᠡᠨᠧᠷᠭᠢ ᠪᠠ ᠨᠡᠷᠡᠨ ᠤ ᠡᠨᠧᠷᠭᠢ ᠵᠡᠷᠭᠡ ᠳᠠᠬᠢᠨ ᠡᠭᠦᠰᠴᠦ | ᠪᠣᠯᠬᠤ ᠡᠨᠧᠷᠭᠢ ᠶᠢᠨ ᠠᠰᠢᠭᠯᠠᠯᠲᠠ ᠶᠢ ᠵᠣᠷᠢᠭᠵᠢᠭᠤᠯᠵᠤ᠂ ᠪᠠᠷᠢᠯᠭ᠎ᠠ ᠶᠢᠨ ᠡᠨᠧᠷᠭᠢ ᠬᠡᠷᠡᠭᠯᠡᠬᠦ ᠪᠦᠲᠦᠴᠡ ᠶᠢ | ᠰᠢᠯᠢᠳᠡᠭᠵᠢᠭᠦᠯᠦᠨ᠎ᠡ᠃ | ᠬᠤᠶᠠᠷ᠂ ᠠᠷᠪᠢᠴᠢ ᠭᠠᠮᠲᠠᠢ ᠬᠤᠭᠤᠯᠠᠯᠠᠶᠠ | ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤ ᠵᠦᠢᠯ ᠢ ᠪᠦᠷᠢᠯᠭᠡᠬᠦ ᠶᠢ ᠡᠰᠡᠷᠭᠦᠴᠡᠬᠦ ᠠᠵᠢᠯ ᠤᠨ | ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠮᠡᠳᠡᠭᠡᠯᠡᠬᠦ ᠶᠢ ᠴᠢᠩᠭᠠᠳᠬᠠᠵᠤ᠂ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠬᠦ ᠶᠢ ᠡᠷᠡᠰ ᠬᠤᠷᠢᠭᠯᠠᠨ᠎ᠠ ᠃ ᠠᠯᠪᠠᠨ ᠶᠠᠪᠤᠳᠠᠯ ᠳᠤ ᠬᠡᠷᠡᠭᠯᠡᠬᠦ ᠬᠤᠭᠤᠯᠠᠨ ᠤ ᠦᠶ᠎ᠡ ᠳᠤ᠂ ᠠᠷᠪᠢᠴᠢ | ᠭᠠᠮᠲᠠᠶ ᠪᠠᠷ ᠬᠤᠭᠤᠯᠠᠯᠠᠬᠤ ᠲᠤᠭ᠎ᠠ ᠬᠡᠮᠵᠢᠶ᠎ᠡ ᠶᠢ ᠲᠣᠬᠢᠷᠠᠭᠤᠯᠵᠤ᠂ ᠥᠪᠡᠰᠦᠪᠡᠨ ᠦᠢᠯᠡᠴᠢᠯᠡᠬᠦ ᠪᠤᠶᠤ ᠠᠵᠢᠯᠯᠠᠬᠤ | ᠬᠤᠭᠤᠯᠠᠨ ᠤ ᠬᠡᠯᠪᠡᠷᠢ ᠶᠢ ᠰᠣᠩᠭᠤᠨ᠎ᠠ ︔ ᠬᠤᠭᠤᠯᠠᠨ ᠭᠡᠷ ᠲᠤ ᠬᠤᠭᠤᠯᠠᠯᠠᠬᠤ ᠦᠶ᠎ᠡ ᠳᠤ᠂ ᠬᠡᠪᠴᠢᠶ᠎ᠡ ᠪᠠᠷ ᠢᠶᠠᠨ | ᠬᠤᠭᠤᠯᠠ ᠠᠪᠴᠤ᠂ ᠠᠵᠢᠯᠴᠢ ᠬᠢᠴᠢᠶᠡᠩᠭᠦᠶ ᠪᠠᠷ ᠳᠤᠲᠠᠭᠤ ᠠᠪᠴᠤ᠂ ︽ᠪᠣᠯᠪᠠᠰᠤᠨ ᠬᠤᠭᠤᠯᠠᠨ ᠰᠢᠷᠡᠭᠡ︾᠂ ︽ | ᠬᠤᠭᠤᠰᠣᠨ ᠫᠠᠨᠰᠠ ᠶᠢᠨ ᠠᠵᠢᠯᠯᠠᠭ᠎ᠠ︾ ᠶᠢ ᠤᠬᠠᠮᠰᠠᠷᠲᠤ ᠠᠵᠢᠯᠯᠠᠭ᠎ᠠ ᠪᠣᠯᠭᠠᠨ᠎ᠠ︔ ᠭᠠᠳᠠᠨ᠎ᠠ ᠬᠤᠭᠤᠯᠠᠯᠠᠬᠤ ᠳᠠᠭᠠᠨ | ᠰᠢᠨᠵᠢᠯᠡᠬᠦ ᠤᠬᠠᠭᠠᠨᠴᠢ ᠪᠠᠷ ᠬᠤᠭᠤᠯᠠ ᠵᠠᠬᠢᠶᠠᠯᠠᠵᠤ᠂ ᠣᠶᠤᠨᠴᠢ ᠬᠡᠷᠡᠭᠯᠡᠭᠡᠨ ᠬᠢᠵᠦ᠂ ᠦᠯᠡᠳᠡᠭᠰᠡᠨ ᠵᠠᠭᠤᠰᠢ ᠪᠠᠨ | ᠪᠣᠭᠤᠳᠠᠯᠯᠠᠵᠤ᠂ ᠬᠥᠮᠦᠨ ᠨᠠ ᠶᠠᠪᠤᠵᠤ ᠰᠢᠷᠡᠭᠡ ᠨᠢ ᠬᠤᠭᠤᠰᠤᠨ ᠪᠠᠶᠢᠬᠤ ᠶᠢ ᠪᠠᠲᠤᠯᠠᠨ᠎ᠠ ᠃ | ᠭᠤᠷᠪᠠ᠂ ︽ ᠪᠣᠬᠢᠷᠳᠤᠯ ᠦᠭᠡᠢ ︾ ᠵᠠᠮ ᠢᠶᠠᠷ ᠶᠠᠪᠤᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠵᠠᠮ ᠢ ᠰᠢᠯᠤᠭᠤᠳᠬᠠᠨ᠎ᠠ | ᠲᠣᠭᠲᠠᠭᠠᠯ ᠢ ᠴᠢᠩᠭ᠎ᠠ ᠵᠢᠷᠤᠮᠯᠠᠨ ᠣᠯᠠᠨ ᠨᠡᠶᠢᠲᠡ ᠶᠢᠨ ᠲᠡᠷᠭᠡ ᠶᠢ ᠬᠠᠮᠢᠶᠠᠷᠬᠤ ᠪᠠ ᠬᠡᠷᠡᠭᠯᠡᠵᠦ᠂ ᠭᠠᠮᠲᠠᠶ | ᠲᠡᠷᠭᠡ ᠬᠡᠷᠡᠭᠯᠡᠬᠦ ᠶᠢ ᠪᠠᠷᠢᠮᠲᠠᠯᠠᠨ᠂ ᠵᠠᠮ ᠱᠤᠭᠤᠮ ᠢᠶᠠᠨ ᠵᠦᠢ ᠵᠣᠬᠢᠰᠲᠠᠶ ᠲᠣᠬᠢᠷᠠᠭᠤᠯᠵᠤ᠂ ᠲᠣᠰᠣᠨ ᠤ | ᠬᠤᠷᠣᠭᠳᠠᠭᠤᠯᠭ᠎ᠠ ᠶᠢ ᠴᠢᠷᠮᠠᠶᠢᠨ ᠪᠠᠭᠠᠰᠬᠠᠨ᠎ᠠ ᠃ ᠭᠠᠳᠠᠭᠰᠢ ᠭᠠᠷᠬᠤ ᠪᠤᠶᠤ ᠠᠵᠢᠯ ᠳᠤ ᠭᠠᠷᠴᠤ ᠠᠵᠢᠯ ᠠᠴᠠ | ᠪᠠᠭᠤᠬᠤ ᠳᠤ ︽135︾ ᠶᠢᠨ ᠪᠣᠬᠢᠷᠲᠤᠯ ᠥᠬᠡᠶ ᠶᠠᠪᠤᠵᠤ ᠰᠠᠭᠤᠬᠤ ᠠᠷᠭ᠎ᠠ ᠮᠠᠶ᠋ᠢᠭ ᠢ ᠲᠦᠷᠦᠭᠦᠯᠡᠨ | ᠦᠢᠯᠡᠳᠦᠯᠭᠡᠵᠢᠭᠦᠯᠦᠨ᠎ᠡ ᠂ ᠳᠠᠷᠤᠢ 1 ᠺᠢᠯᠤᠮᠧᠲᠷ ᠤᠨ ᠳᠣᠲᠣᠷ᠎ᠠ ᠶᠠᠪᠠᠭᠠᠨ ᠶᠠᠪᠤᠵᠤ ᠂ 3 ᠺᠢᠯᠤᠮᠧᠲᠷ ᠤᠨ ᠳᠣᠲᠣᠷ᠎ᠠ | ᠳᠤᠭᠤᠶ ᠲᠡᠷᠭᠡ ᠤᠨᠤᠵᠤ᠂ 5 ᠺᠢᠯᠤᠮᠧᠲᠷ ᠤᠨ ᠳᠣᠲᠣᠷ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ | ᠬᠡᠷᠡᠭᠯᠡᠵᠦ ᠂ ᠴᠢᠳᠠᠬᠤ ᠶᠢᠨ ᠳᠣᠲᠣᠷ᠎ᠠ ᠲᠡᠷᠭᠡ ᠪᠠᠭ᠎ᠠ ᠵᠢᠯᠣᠭᠤᠳᠬᠤ ᠪᠤᠶᠤ ᠲᠡᠷᠭᠡ ᠵᠢᠯᠣᠭᠤᠳᠬᠤ ᠥᠬᠡᠶ ᠪᠠᠶᠢᠬᠤ ᠶᠢ | ᠰᠠᠨᠠᠭᠠᠴᠢᠯᠠᠨ᠎ᠠ︔ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ ᠰᠠᠨᠠᠭᠠᠴᠢᠯᠠᠵᠤ᠂ ᠴᠠᠬᠢᠯᠭᠠᠨ ᠴᠡᠨᠡᠭᠯᠡᠬᠦ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠵᠢᠷᠤᠮᠵᠢᠭᠤᠯᠤᠨ᠎ᠠ᠃ | ᠭᠠᠷ ᠤᠨ ᠠᠶ᠎ᠠ ᠪᠠᠷ ᠢᠶᠠᠨ ᠳ᠋ᠧᠩ ᠢ ᠬᠠᠭᠠᠬᠤ ᠠᠴᠠ ᠡᠭᠦᠯᠡᠨ ᠦᠵᠦᠭᠦᠷ ᠤᠨ ᠬᠤᠷᠠᠯ ᠬᠦᠷᠲᠡᠯ᠎ᠡ᠂ ᠬᠤᠭᠤᠰᠤᠨ | ᠫᠠᠨᠰᠠ ᠶᠢᠨ ᠠᠵᠢᠯᠯᠠᠭ᠎ᠠ ᠠᠴᠠ ᠰᠢᠨ᠎ᠡ ᠡᠨᠧᠷᠭᠢ ᠶᠢᠨ ᠰᠦᠪᠡᠭᠴᠢᠯᠡᠯᠲᠡ ᠬᠦᠷᠲᠡᠯ᠎ᠡ᠂ ᠥᠴᠥᠬᠡᠨ ᠰᠣᠩᠭᠤᠯᠲᠠ | ᠨᠢᠭᠡᠪᠦᠷᠢ ᠴᠥᠮ ᠦᠷᠭᠦᠯᠵᠢᠯᠡᠬᠦᠶᠢᠴᠡ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠨ᠎ᠡ ᠃ ᠪᠢᠳᠡ ᠭᠠᠷ ᠬᠤᠯᠪᠣᠨ | ᠮᠥᠷᠥ ᠵᠡᠷᠭᠡᠴᠡᠵᠦ ᠂ ᠳᠤᠤᠷ᠎ᠠ ᠨᠡᠭᠦᠷᠡᠰᠦᠲᠥ᠋ᠷᠥᠭᠴᠢᠲᠦ ᠪᠠᠷ ᠪᠢᠷ ᠪᠣᠯᠭᠠᠵᠤ᠂ ᠦᠢᠯᠡ ᠠᠵᠢᠯᠯᠠᠭ᠎ᠠ ᠪᠠᠷ ᠢᠶᠠᠨ | ᠪᠡᠬᠡᠯᠡᠵᠦ ︽ᠬᠥᠮᠦᠨ ᠪᠦᠬᠦᠨ ᠭᠤᠤᠯ ᠳᠦᠷᠢ ᠶᠢ ᠡᠷᠬᠢᠮᠯᠡᠵᠦ᠂ ᠭᠠᠵᠠᠷ ᠪᠣᠯᠭᠠᠨ ᠳᠤ ᠨᠣᠭᠤᠭᠠᠨ ᠥᠩᠭᠡ | ᠲᠣᠳᠤᠷᠠᠭᠤᠯᠤᠶᠠ ︾ ᠭᠡᠬᠦ ᠨᠣᠭᠤᠭᠠᠨ ᠥᠩᠭᠡ ᠶᠢᠨ ᠬᠠᠭᠤᠳᠠᠰᠤ ᠶᠢ ᠬᠠᠮᠲᠤ ᠪᠠᠷ ᠵᠢᠷᠤᠭᠯᠠᠶ᠎ᠠ︕ | ᠰᠢᠭᠤᠶᠢᠲᠤ ᠲᠣᠭᠤᠷᠢᠭ ᠤᠨ ᠬᠤᠷᠰᠢᠨ ᠰᠣᠯᠢᠯᠴᠠᠬᠤ ᠲᠥᠪ | 2025 ᠣᠨ ᠤ 6 ᠳ᠋ᠤᠭᠠᠷ ᠰᠠᠷ᠎ᠠ ᠶᠢᠨ 25 ᠤ ᠡᠳᠦᠷ | |